︽ᠤᠯᠤᠰ ᠤᠨ ᠶᠡᠬᠡ ᠬᠤᠷᠠᠯ ᠤᠨ ᠬᠢᠨᠠᠯᠲᠠ ᠰᠢᠯᠭᠠᠯᠲᠠ ᠶᠢᠨ ᠲᠤᠬᠠᠢ︾ᠬᠠᠤᠯᠢ ᠶᠢ ᠪᠠᠲᠤᠯᠠᠯ᠎ᠠ | News.MN

︽ᠤᠯᠤᠰ ᠤᠨ ᠶᠡᠬᠡ ᠬᠤᠷᠠᠯ ᠤᠨ ᠬᠢᠨᠠᠯᠲᠠ ᠰᠢᠯᠭᠠᠯᠲᠠ ᠶᠢᠨ ᠲᠤᠬᠠᠢ︾ᠬᠠᠤᠯᠢ ᠶᠢ ᠪᠠᠲᠤᠯᠠᠯ᠎ᠠ

ᠤᠯᠤᠰ ᠤᠨ ᠶᠡᠬᠡ ᠬᠤᠷᠠᠯ ᠤᠨ ᠴᠢᠭᠤᠯᠭᠠᠨ ᠤ ᠥᠨᠥᠳᠥᠷ ᠦᠨ ᠨᠢᠭᠡᠳᠦᠭᠰᠡᠨ ᠬᠤᠷᠠᠯᠳᠤᠭᠠᠨ ᠢᠶᠠᠷ᠂︽ᠮᠣᠩᠭᠣᠯ ᠤᠯᠤᠰ ᠤᠨ ᠶᠡᠬᠡ ᠬᠤᠷᠠᠯ ᠤᠨ ᠬᠢᠨᠠᠯᠲᠠ ᠰᠢᠯᠭᠠᠯᠲᠠ ᠶᠢᠨ ᠲᠤᠬᠠᠢ︾ᠬᠠᠤᠯᠢ  ᠶᠢ ᠪᠠᠲᠤᠯᠠᠯ᠎ᠠ᠃ ᠬᠠᠤᠯᠢ ᠶᠢᠨ ᠲᠥᠰᠥᠯ ᠡᠴᠦᠰᠯᠡᠨ ᠪᠠᠲᠤᠯᠠᠭᠳᠠᠭᠰᠠᠨ ᠲᠠᠢ ᠬᠣᠯᠪᠣᠭᠳᠠᠭᠤᠯᠤᠨ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠬᠡᠯᠡᠬᠦ ᠳᠦ ᠪᠡᠨ᠄ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠬᠣᠷᠢᠨ ᠲᠠᠪᠤᠳᠤᠭᠠᠷ ᠵᠦᠢᠯ ᠦᠨ ᠨᠢᠭᠡᠳᠡᠬᠢ ᠬᠡᠰᠡᠭ ᠦᠨ ᠨᠠᠢ᠌ᠮᠠ ᠳᠤ ᠵᠢᠭᠠᠭᠰᠠᠨ ᠄ ᠬᠠᠤᠯᠢ᠂ ᠤᠯᠤᠰ ᠤᠨ ᠶᠡᠬᠡ ᠬᠤᠷᠠᠯ ᠤᠨ ᠪᠤᠰᠤᠳ ᠰᠢᠢᠳᠪᠦᠷᠢ ᠶᠢᠨ ᠪᠡᠶᠡᠯᠡᠯᠲᠡ ᠶᠢ ᠬᠢᠨᠠᠨ ᠰᠢᠯᠭᠠᠬᠤ ᠪᠦᠷᠢᠨ ᠡᠷᠬᠡ ᠶᠢ ᠪᠣᠳᠠᠲᠤ ᠪᠠᠷ ᠠᠮᠢᠯᠠᠭᠤᠯᠬᠤ᠂ ᠮᠥᠨ ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠪᠡᠷ 6.2᠂ 25.1.7 ᠪᠣᠯᠤᠨ 28.2  ᠲᠤ ᠣᠷᠣᠭᠤᠯᠤᠭᠰᠠᠨ ᠥᠭᠡᠷᠡᠴᠢᠯᠡᠯᠲᠡ ᠶᠢ ᠠᠮᠢᠯᠠᠭᠤᠯᠵᠤ᠂ ᠦᠷ᠎ᠡ ᠳ᠋ᠦᠩ ᠲᠡᠢ ᠬᠢᠨᠠᠯᠲᠠ ᠪᠤᠶᠤ ᠬᠢᠨᠠᠨ ᠰᠢᠯᠭᠠᠬᠤ ᠪᠦᠷᠢᠨ ᠡᠷᠬᠡ ᠳᠦ ᠪᠡᠨ ᠰᠠᠭᠤᠷᠢᠯᠠᠭᠰᠠᠨ᠂ ᠡᠷᠭᠢᠬᠦ ᠬᠣᠯᠪᠣᠭ᠎ᠠ ᠲᠠᠢ ᠬᠠᠤᠯᠢ ᠲᠣᠭᠲᠠᠭᠠᠬᠤ᠂ ᠲᠥᠯᠥᠭᠡᠯᠡᠬᠦ ᠪᠦᠷᠢᠨ ᠡᠷᠬᠡ ᠪᠡᠨ ᠬᠡᠷᠡᠭᠵᠢᠭᠦᠯᠬᠦ ᠪᠠᠶᠢᠳᠠᠯ ᠢᠶᠠᠷ ᠮᠣᠩᠭᠣᠯ ᠤᠯᠤᠰ ᠤᠨ ᠫᠠᠷᠯᠠᠮᠸᠨᠲ ᠢ ᠬᠥᠭᠵᠢᠯ ᠦᠨ ᠳᠠᠷᠠᠭ᠎ᠠ ᠶᠢᠨ ᠱᠠᠲᠤᠨ ᠳᠤ ᠨᠢ ᠬᠦᠷᠭᠡᠬᠦ ᠵᠣᠷᠢᠯᠭ᠎ᠠ ᠲᠠᠢ ᠰᠢᠨ᠎ᠡ ᠬᠠᠤᠯᠢ ᠪᠠᠲᠤᠯᠠᠭᠳᠠᠵᠤ ᠪᠠᠶᠢᠨ᠎ᠠ᠃
ᠡᠨᠡ ᠬᠠᠤᠯᠢ ᠭᠠᠷᠤᠭᠰᠠᠨ ᠢᠶᠠᠷ ᠤᠯᠤᠰ ᠤᠨ ᠶᠡᠬᠡ ᠬᠤᠷᠠᠯ ᠤᠨ ᠭᠡᠰᠢᠭᠦᠨ᠂ ᠲᠡᠭᠦᠨ ᠦ ᠴᠠᠭᠠᠨ᠎ᠠ ᠠᠷᠠᠳ ᠲᠦᠮᠡᠨ ᠲᠥᠷᠥ ᠶᠢᠨ ᠠᠯᠢᠪᠠ ᠰᠢᠢᠳᠪᠦᠷᠢ ᠶᠢᠨ ᠪᠡᠶᠡᠯᠡᠯᠲᠡ ᠶᠢᠨ ᠪᠠᠶᠢᠳᠠᠯ᠂ ᠬᠡᠷᠪᠡ ᠪᠡᠶᠡᠯᠡᠯᠲᠡ ᠮᠠᠭᠤ ᠪᠣᠯ ᠠᠯᠳᠠᠭ᠎ᠠ᠂ ᠳᠤᠲᠠᠭᠳᠠᠯ᠂ ᠵᠥᠷᠢᠴᠡᠯ᠂ ᠲᠡᠭᠦᠨ ᠦ ᠰᠢᠯᠲᠠᠭᠠᠨ ᠨᠥᠬᠥᠴᠡᠯ᠂ ᠶᠠᠭᠤ ᠬᠢᠪᠡᠯ ᠲᠤᠬᠠᠢ ᠶᠢᠨ ᠵᠥᠷᠢᠴᠡᠯ ᠨᠢ ᠠᠷᠢᠯᠬᠤ᠂ ᠭᠠᠴᠢᠭ᠎ᠠ ᠨᠢ ᠭᠠᠷᠬᠤ ᠲᠠᠯ᠎ᠠ ᠪᠠᠷ ᠪᠣᠳᠠᠲᠤ ᠵᠢᠷᠤᠭᠯᠠᠯ ᠭᠠᠷᠭᠠᠬᠤ ᠪᠣᠯᠤᠮᠵᠢ ᠪᠥᠷᠢᠳᠬᠦ ᠶᠤᠮ ᠭᠡᠳᠡᠭ ᠢ ᠣᠨᠴᠠᠯᠠᠪᠠ᠃

ᠰᠡᠳᠬᠢᠭᠳᠡᠯ ᠦᠯᠡᠳᠡᠭᠡᠬᠦ