︽ᠰᠢᠨ᠎ᠡ ᠰᠡᠷᠭᠦᠯᠲᠡ ᠶᠢᠨ ᠪᠣᠳᠣᠯᠭ᠎ᠠ︾ᠪᠠᠲᠤᠯᠠᠨ᠎ᠠ | News.MN

︽ᠰᠢᠨ᠎ᠡ ᠰᠡᠷᠭᠦᠯᠲᠡ ᠶᠢᠨ ᠪᠣᠳᠣᠯᠭ᠎ᠠ︾ᠪᠠᠲᠤᠯᠠᠨ᠎ᠠ

ᠵᠠᠰᠠᠭ ᠤᠨ ᠭᠠᠵᠠᠷ ᠤᠨ ᠡᠭᠡᠯᠵᠢᠲᠦ ᠪᠤᠰᠤ ᠬᠤᠷᠠᠯᠳᠤᠭᠠᠨ 2021 ᠣᠨ ᠤ 12 ᠳ᠋ᠤᠭᠠᠷ ᠰᠠᠷ᠎ᠠ ᠶᠢᠨ 25  ᠤ ᠪᠢᠮᠪᠠ ᠭᠠᠷᠠᠭ ᠲᠤ ᠪᠣᠯᠵᠤ᠂︽ᠰᠢᠨ᠎ᠡ ᠰᠡᠷᠭᠦᠯᠲᠡ ᠶᠢᠨ ᠪᠣᠳᠣᠯᠭ᠎ᠠ︾ ᠪᠠᠲᠤᠯᠠᠬᠤ ᠲᠤᠬᠠᠢ ᠲᠣᠭᠲᠠᠭᠠᠯ ᠤᠨ ᠲᠥᠰᠥᠯ ᠢ ᠬᠡᠯᠡᠯᠴᠡᠭᠡᠳ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠬᠦ ᠪᠡᠷ ᠪᠣᠯᠤᠯ᠎ᠠ᠃

ᠰᠢᠨ᠎ᠡ ᠰᠡᠷᠭᠦᠯᠲᠡ ᠶᠢᠨ ᠪᠣᠳᠣᠯᠭ᠎ᠠ ᠨᠢ ᠮᠣᠩᠭᠣᠯ ᠤᠯᠤᠰ ᠤᠨ ᠡᠳ᠋  ᠦᠨ ᠵᠠᠰᠠᠭ ᠤᠨ ᠬᠠᠷᠠᠭᠠᠲᠤ ᠪᠤᠰᠤ᠂ ᠪᠡᠶ᠎ᠡᠳᠠᠭᠠᠭᠠᠭᠰᠠᠨ ᠪᠠᠶᠢᠳᠠᠯ ᠢ ᠪᠡᠬᠢᠵᠢᠭᠦᠯᠬᠦ᠂ ᠴᠠᠷ᠎ᠠ ᠲᠠᠬᠤᠯ ᠤᠨ ᠤᠯᠠᠮ ᠠᠴᠠ ᠡᠳ᠋  ᠦᠨ ᠵᠠᠰᠠᠭ ᠲᠤ ᠦᠵᠡᠭᠦᠯᠵᠦ ᠪᠠᠶᠢᠭ᠎ᠠ ᠰᠥᠷᠭᠦ ᠨᠥᠯᠥᠭᠡᠯᠡᠯ ᠢ ᠪᠠᠭᠤᠷᠠᠭᠤᠯᠬᠤ᠂ ᠬᠥᠭᠵᠢᠯ ᠢ ᠬᠢᠵᠠᠭᠠᠷᠯᠠᠭᠴᠢ ᠬᠦᠴᠦᠨ ᠵᠦᠢᠯᠡᠰ ᠢ ᠴᠠᠭ ᠠᠯᠳᠠᠯ ᠦᠭᠡᠢ ᠰᠢᠢᠳᠪᠦᠷᠢᠯᠡᠵᠦ᠂《ᠠᠯᠤᠰ ᠤᠨ ᠬᠠᠷᠠᠭ᠎ᠠ-2050》ᠤᠷᠲᠤ ᠬᠤᠭᠤᠴᠠᠭᠠᠨ ᠤ ᠬᠥᠭᠵᠢᠯ ᠦᠨ ᠪᠣᠳᠣᠯᠭ᠎ᠠ ᠬᠡᠷᠡᠭᠵᠢᠭᠦᠯᠬᠦ ᠰᠠᠭᠤᠷᠢ ᠨᠥᠬᠥᠴᠡᠯ ᠢ ᠪᠦᠷᠢᠳᠦᠭᠦᠯᠬᠦ᠂ ᠡᠳ᠋ ᠦᠨ ᠵᠠᠰᠠᠭ᠂ ᠳᠡᠳ᠋ ᠪᠦᠲᠦᠴᠡ ᠪᠣᠯᠤᠨ ᠲᠥᠷᠥ ᠶᠢᠨ ᠪᠦᠲᠦᠭᠡᠮᠵᠢ ᠶᠢ ᠰᠠᠶᠢᠵᠢᠷᠠᠭᠤᠯᠬᠤ ᠳᠤᠮᠳᠠ ᠬᠤᠭᠤᠴᠠᠭᠠᠨ ᠤ ᠬᠥᠲᠥᠯᠪᠦᠷᠢ ᠶᠤᠮ᠃︽ᠰᠢᠨ᠎ᠡ ᠰᠡᠷᠭᠦᠯᠲᠡ ᠶᠢᠨ ᠪᠣᠳᠣᠯᠭ᠎ᠠ︾ ᠶᠢᠨ ᠲᠣᠭᠲᠠᠭᠠᠯ ᠢ 2022 ᠣᠨ ᠤ ᠨᠢᠭᠡᠳᠦᠭᠡᠷ ᠰᠠᠷ᠎ᠠ ᠶᠢᠨ  ᠨᠢᠭᠡᠨ ᠡᠴᠡ ᠳᠠᠭᠠᠵᠤ ᠮᠥᠷᠳᠡᠬᠦ ᠪᠡᠷ ᠲᠥᠰᠥᠯ ᠢ ᠪᠣᠯᠪᠠᠰᠤᠷᠠᠭᠤᠯᠤᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ