ᠲᠡᠦᠬᠡ ᠰᠤᠶᠤᠯ ᠤᠨ ᠦᠯᠦ ᠬᠥᠳᠡᠯᠬᠦ 144 ᠥᠪ ᠢ ᠬᠠᠮᠠᠭᠠᠯᠠᠯᠲᠠ ᠳᠤ ᠠᠪᠤᠨ᠎ᠠ | News.MN

ᠲᠡᠦᠬᠡ ᠰᠤᠶᠤᠯ ᠤᠨ ᠦᠯᠦ ᠬᠥᠳᠡᠯᠬᠦ 144 ᠥᠪ ᠢ ᠬᠠᠮᠠᠭᠠᠯᠠᠯᠲᠠ ᠳᠤ ᠠᠪᠤᠨ᠎ᠠ

ᠨᠡᠶᠢᠰᠯᠡᠯ ᠦᠨᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠬᠦᠮᠦᠨ ᠦ ᠬᠥᠭᠵᠢᠯ ᠦᠨ ᠬᠣᠷᠢᠶᠠᠨ ᠤ ᠡᠭᠡᠯᠵᠢᠲᠦ ᠬᠤᠷᠠᠯᠳᠤᠭᠠᠨ ᠢᠶᠠᠷ ᠳᠡᠭᠦᠷᠭᠡ ᠶᠢᠨ ᠬᠠᠮᠠᠭᠠᠯᠠᠯᠲᠠ ᠳᠤ ᠪᠠᠶᠢᠬᠤ ᠲᠡᠦᠬᠡ ᠰᠤᠶᠤᠯ ᠤᠨ ᠦᠯᠦ ᠬᠥᠳᠡᠯᠬᠦ ᠳᠤᠷᠠᠰᠬᠠᠯ ᠤᠨ ᠵᠢᠭᠰᠠᠭᠠᠯᠲᠠ ᠪᠠᠲᠤᠯᠠᠬᠤ ᠠᠰᠠᠭᠤᠳᠠᠯ ᠢ ᠬᠡᠯᠡᠯᠴᠡᠯ᠎ᠡ᠃ ᠰᠤᠶᠤᠯ ᠤᠨ ᠥᠪ ᠢ ᠬᠠᠮᠠᠭᠠᠯᠠᠬᠤ ᠬᠠᠤᠯᠢ ᠶᠢᠨ ᠳᠠᠭᠠᠤ ᠲᠡᠦᠬᠡ ᠰᠤᠶᠤᠯ ᠤᠨ ᠦᠯᠦ ᠬᠥᠳᠡᠯᠬᠦ ᠳᠤᠷᠠᠰᠬᠠᠯ ᠤᠨ ᠤᠯᠤᠰ ᠤᠨ ᠦᠵᠡᠯᠭᠡ᠂ ᠲᠣᠭᠠᠯᠠᠯᠭ᠎ᠠ ᠶᠢ 2015 ᠣᠨ ᠳᠤ ᠵᠣᠬᠢᠶᠠᠨ ᠪᠠᠶᠢᠭᠤᠯᠤᠭᠰᠠᠨ᠃ ᠤᠭ ᠲᠣᠭᠠᠯᠠᠯᠭ᠎ᠠ ᠪᠠᠷ ᠨᠡᠶᠢᠰᠯᠡᠯ ᠦᠨ ᠨᠤᠲᠤᠭ ᠳᠡᠪᠢᠰᠬᠡᠷ ᠲᠦ 217 ᠳᠡᠰ ᠦᠨ 479 ᠳᠤᠷᠠᠰᠬᠠᠯ ᠢ ᠪᠦᠷᠢᠳᠬᠡᠨ᠂ ᠰᠤᠶᠤᠯ ᠤᠨ ᠥᠪ ᠦᠨ ᠮᠡᠳᠡᠭᠡᠯᠡᠯ ᠦᠨ ᠰᠠᠩ ᠳᠤ ᠣᠷᠣᠭᠤᠯᠵᠠᠢ᠃ ᠬᠠᠤᠯᠢ ᠶᠢᠨ ᠳᠠᠭᠠᠤ ᠡᠳᠡᠭᠡᠷ ᠲᠡᠦᠬᠡ ᠰᠤᠶᠤᠯ ᠤᠨ ᠦᠯᠦ ᠬᠥᠳᠡᠯᠬᠦ ᠳᠤᠷᠠᠰᠬᠠᠯ ᠠᠴᠠ ᠳᠡᠭᠦᠷᠭᠡ ᠶᠢᠨ ᠬᠠᠮᠠᠭᠠᠯᠠᠯᠲᠠ ᠳᠤ ᠠᠪᠬᠤ ᠱᠠᠭᠠᠷᠳᠠᠯᠭ᠎ᠠ ᠲᠠᠢ ᠵᠢᠭᠰᠠᠭᠠᠯᠲᠠ ᠶᠢ ᠪᠣᠯᠪᠠᠰᠤᠷᠠᠭᠤᠯᠤᠭᠰᠠᠨ ᠪᠠᠶᠢᠨ᠎ᠠ᠃ ᠵᠢᠭᠰᠠᠭᠠᠯᠲᠠ ᠳᠤ ᠬᠥᠰᠢᠶ᠎ᠡ ᠳᠤᠷᠠᠰᠬᠠᠯ᠂ ᠡᠷᠲᠡᠨ ᠦ ᠪᠤᠯᠠᠰᠢ᠂ ᠴᠣᠭᠴᠠᠯᠠᠪᠤᠷᠢ᠂ ᠪᠠᠷᠢᠮᠠᠯ᠂ ᠪᠠᠶᠢᠰᠢᠩ ᠵᠡᠷᠭᠡ 144 ᠲᠡᠦᠬᠡ᠂ ᠰᠤᠶᠤᠯ ᠤᠨ ᠦᠯᠦ ᠬᠥᠳᠡᠯᠬᠦ ᠳᠤᠷᠠᠰᠬᠠᠯ ᠪᠠᠭᠲᠠᠵᠠᠢ᠃

 

ᠰᠡᠳᠬᠢᠭᠳᠡᠯ ᠦᠯᠡᠳᠡᠭᠡᠬᠦ