ᠪ∙ᠵᠢᠪᠬᠤᠯᠠᠩ᠄ ᠢᠷᠡᠬᠦ ᠣᠨ ᠳᠤ ᠡᠳ᠋ ᠦᠨ ᠵᠠᠰᠠᠭ ᠥᠰᠥᠨ᠎ᠡ | News.MN

ᠪ∙ᠵᠢᠪᠬᠤᠯᠠᠩ᠄ ᠢᠷᠡᠬᠦ ᠣᠨ ᠳᠤ ᠡᠳ᠋ ᠦᠨ ᠵᠠᠰᠠᠭ ᠥᠰᠥᠨ᠎ᠡ

ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨ ᠠᠴᠠ ᠭᠠᠷᠭᠠᠭᠰᠠᠨ ᠰᠢᠢᠳᠪᠦᠷᠢ ᠶᠢ ᠰᠠᠩ ᠤᠨ ᠰᠠᠶᠢᠳ ᠪ ∙ ᠵᠢᠪᠬᠤᠯᠠᠩ ᠲᠠᠨᠢᠯᠴᠠᠭᠤᠯᠤᠯ᠎ᠠ᠃ ᠲᠡᠷᠡ ᠪᠡᠷ᠄ 2022 ᠣᠨ 2021 ᠣᠨ ᠢ ᠪᠣᠳᠣᠪᠠᠯ ᠬᠠᠷᠢᠴᠠᠩᠭᠤᠢ ᠡᠳ᠋  ᠦᠨ ᠵᠠᠰᠠᠭ ᠤᠨ ᠥᠰᠦᠯᠲᠡ ᠲᠡᠢ ᠪᠠᠶᠢᠨ᠎ᠠ ᠭᠡᠰᠡᠨ ᠬᠦᠯᠢᠶᠡᠯᠲᠡ ᠲᠡᠢ ᠪᠠᠶᠢᠨ᠎ᠠ᠃ ᠡᠨᠡ ᠣᠨ ᠤ ᠵᠢᠯ ᠦᠨ ᠡᠴᠦᠰ ᠢᠶᠡᠷ ᠡᠳ᠋  ᠦᠨ ᠵᠠᠰᠠᠭ ᠤᠨ ᠥᠰᠦᠯᠲᠡ ᠳᠥᠷᠪᠡᠨ ᠬᠤᠪᠢ ᠣᠷᠴᠢᠮ ᠭᠠᠷᠬᠤ ᠪᠠᠶᠢᠬᠤ᠃ ᠬᠠᠷᠢᠨ ᠢᠷᠡᠬᠦ ᠣᠨ ᠳᠤ 5-6 ᠬᠤᠪᠢ ᠪᠠᠶᠢᠬᠤ ᠪᠣᠯᠪᠠ ᠤᠤ᠃ ᠵᠠᠰᠠᠭ ᠤᠨ ᠭᠠᠵᠠᠷ ᠠᠴᠠ ᠬᠡᠷᠡᠭᠵᠢᠭᠦᠯᠵᠦ ᠪᠠᠶᠢᠭ᠎ᠠ ᠠᠵᠢᠯ ᠤᠨ ᠪᠠᠶᠢᠷᠢ ᠶᠢ ᠨᠡᠮᠡᠭᠳᠡᠭᠦᠯᠬᠦ᠂ ᠡᠳ᠋  ᠦᠨ ᠵᠠᠰᠠᠭ ᠢ ᠡᠷᠴᠢᠮᠵᠢᠭᠦᠯᠬᠦ ᠭᠤᠷᠪᠠᠨ ᠬᠤᠪᠢ ᠶᠢᠨ ᠬᠦᠦ ᠲᠡᠢ ᠵᠢᠭᠡᠯᠡ ᠨᠢᠭᠡ ᠶᠡᠬᠡ ᠨᠠᠶᠤᠳ ᠲᠥᠭᠥᠷᠢᠭ ᠢᠶᠡᠷ ᠦᠷᠭᠦᠯᠵᠢᠯᠡᠨ᠎ᠡ᠃ ᠡᠨᠡ ᠪᠣᠯ ᠮᠠᠰᠢ ᠲᠣᠮᠣ ᠳᠡᠮᠵᠢᠯᠭᠡ ᠪᠣᠯᠤᠨ᠎ᠠ ᠭᠡᠵᠦ ᠬᠠᠷᠠᠵᠤ ᠪᠠᠶᠢᠨ᠎ᠠ᠃
ᠲᠠᠬᠤᠯ ᠤᠨ ᠬᠠᠤᠯᠢ ᠶᠢ ᠵᠢᠷᠭᠤᠭᠠᠨ ᠰᠠᠷ᠎ᠠ ᠪᠠᠷ ᠰᠤᠩᠭᠠᠶ᠎ᠠ ᠭᠡᠵᠦ ᠪᠠᠶᠢᠭ᠎ᠠ᠃ ᠡᠨᠡ ᠬᠠᠤᠯᠢ ᠳᠤ ᠲᠥᠰᠥᠪ ᠦᠨ ᠶᠡᠷᠦᠩᠬᠡᠶᠢᠯᠡᠨ ᠵᠠᠬᠢᠷᠤᠭᠴᠢ ᠨᠠᠷ ᠱᠠᠭᠠᠷᠳᠠᠯᠭ᠎ᠠ ᠲᠠᠢ ᠲᠣᠬᠢᠶᠠᠯᠳᠤᠯ ᠳᠤ ᠤᠷᠤᠰᠬᠠᠯ ᠬᠥᠷᠥᠩᠭᠡ ᠶᠢᠨ ᠵᠠᠷᠤᠳᠠᠯ ᠢ ᠬᠣᠭᠣᠷᠣᠨᠳᠣ ᠪᠠᠨ ᠵᠣᠬᠢᠴᠠᠭᠤᠯᠤᠯᠲᠠ ᠬᠢᠵᠦ ᠪᠣᠯᠤᠨ᠎ᠠ ᠭᠡᠳᠡᠭ ᠵᠢᠭᠠᠯᠲᠠ ᠡᠮᠦᠨ᠎ᠡ ᠨᠢ ᠪᠠᠶᠢᠭᠰᠠᠨ᠃ ᠳᠣᠯᠣᠳᠤᠭᠠᠷ ᠰᠠᠷ᠎ᠠ ᠶᠢᠨ ᠨᠢᠭᠡᠨ ᠳᠦ ᠬᠢᠭᠰᠡᠨ ᠥᠭᠡᠷᠡᠴᠢᠯᠡᠯᠲᠡ ᠪᠡᠷ ᠡᠭᠦᠨ ᠢ ᠵᠠᠪᠠᠯ ᠤᠯᠤᠰ ᠤᠨ ᠶᠡᠬᠡ ᠬᠤᠷᠠᠯ ᠪᠠᠷ ᠣᠷᠣᠭᠤᠯᠵᠤ ᠰᠢᠢᠳᠪᠦᠷᠢᠯᠡᠨ᠎ᠡ ᠭᠡᠰᠡᠨ ᠨᠡᠮᠡᠯᠲᠡ ᠵᠢᠭᠠᠯᠲᠠ ᠣᠷᠣᠭᠰᠠᠨ᠃ ᠡᠭᠦᠨ ᠢ ᠬᠠᠤᠯᠢ ᠶᠢᠨ ᠳᠠᠭᠠᠤ ᠰᠤᠩᠭᠠᠶ᠎ᠠ ᠭᠡᠵᠦ ᠶᠠᠷᠢᠯᠴᠠᠭᠰᠠᠨ᠃ ᠢᠫᠣᠲ᠋ᠧᠺ ᠤᠨ ᠵᠢᠭᠡᠯᠡ ᠲᠡᠢ ᠬᠣᠯᠪᠣᠭ᠎ᠠ ᠲᠠᠢ ᠵᠢᠭᠠᠯᠲᠠ ᠶᠢ ᠬᠡᠪ ᠢᠶᠡᠷ ᠨᠢ ᠦᠯᠡᠳᠡᠭᠡᠵᠦ ᠪᠠᠶᠢᠭ᠎ᠠ ᠭᠡᠪᠡ᠃

ᠰᠡᠳᠬᠢᠭᠳᠡᠯ ᠦᠯᠡᠳᠡᠭᠡᠬᠦ