ᠡᠩᠬᠡ ᠲᠠᠶᠢᠪᠤᠩ ᠤᠨ ᠺᠤᠷᠫᠤᠰ ᠤᠨ 30 ᠵᠢᠯ ᠳᠦ ᠵᠣᠷᠢᠭᠤᠯᠤᠭᠰᠠᠨ ᠮᠠᠷᠺ ᠤᠨ ᠨᠡᠭᠡᠭᠡᠯᠲᠡ ᠪᠣᠯᠤᠯ᠎ᠠ | News.MN

ᠡᠩᠬᠡ ᠲᠠᠶᠢᠪᠤᠩ ᠤᠨ ᠺᠤᠷᠫᠤᠰ ᠤᠨ 30 ᠵᠢᠯ ᠳᠦ ᠵᠣᠷᠢᠭᠤᠯᠤᠭᠰᠠᠨ ᠮᠠᠷᠺ ᠤᠨ ᠨᠡᠭᠡᠭᠡᠯᠲᠡ ᠪᠣᠯᠤᠯ᠎ᠠ

ᠠᠮᠧᠷᠢᠺᠠ ᠶᠢᠨ ᠡᠩᠬᠡ ᠲᠠᠶᠢᠪᠤᠩ ᠤᠨ ᠺᠤᠷᠫᠤᠰ ᠤᠨ ᠮᠣᠩᠭᠣᠯ ᠤᠯᠤᠰ ᠲᠤ ᠦᠢᠯᠡ ᠠᠵᠢᠯᠯᠠᠭ᠎ᠠ ᠪᠠᠨ ᠡᠬᠢᠯᠡᠭᠦᠯᠵᠦ᠂ ᠠᠩᠬᠠᠨ ᠤ ᠰᠠᠶᠢᠨ ᠳᠤᠷ᠎ᠠ ᠶᠢᠨ ᠠᠵᠢᠯᠲᠠᠳ ᠢᠷᠡᠭᠰᠡᠨ ᠦ 30 ᠵᠢᠯ ᠦᠨ ᠣᠢ ᠳᠤ ᠵᠣᠷᠢᠭᠤᠯᠤᠭᠰᠠᠨ ᠰᠢᠤᠳᠠᠨ ᠤ ᠮᠠᠷᠺ ᠢ ᠨᠡᠭᠡᠭᠡᠬᠦ ᠶᠣᠰᠣᠯᠠᠯ ᠤᠨ ᠠᠵᠢᠯᠯᠠᠭ᠎ᠠ ᠥᠨᠥᠳᠥᠷ ᠭᠠᠳᠠᠭᠠᠳᠤ ᠬᠠᠷᠢᠯᠴᠠᠭᠠᠨ ᠤ ᠶᠠᠮᠤᠨ ᠳᠤ ᠪᠣᠯᠤᠯ᠎ᠠ᠃ ᠨᠡᠭᠡᠭᠡᠯᠲᠡ ᠶᠢᠨ ᠠᠷᠭ᠎ᠠ ᠬᠡᠮᠵᠢᠶᠡᠨ ᠳᠦ ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠨ∙ᠠᠩᠬᠠᠪᠠᠶᠠᠷ᠂ ᠠᠮᠧᠷᠢᠺᠠ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠮᠠᠶᠢᠺᠯ ᠺᠯᠧᠴᠧᠰᠺᠢ᠂ ᠮᠣᠩᠭᠣᠯ ᠳ᠋ᠡᠬᠢ ᠠᠮᠧᠷᠢᠺᠠ ᠶᠢᠨ ᠡᠩᠬᠡ ᠲᠠᠶᠢᠪᠤᠩ ᠤᠨ ᠺᠤᠷᠫᠤᠰ ᠤᠨ ᠣᠷᠣᠨ ᠬᠠᠷᠢᠭᠤᠴᠠᠭᠰᠠᠨ ᠵᠠᠬᠢᠷᠤᠯ ᠺᠢᠮ ᠮᠠᠨᠰᠠᠷᠠᠢ᠂ 《ᠮᠣᠩᠭᠣᠯ ᠰᠢᠤᠳᠠᠨ》ᠺᠤᠮᠫᠠᠨᠢ ᠶᠢᠨ ᠭᠦᠢᠴᠡᠳᠭᠡᠬᠦ ᠵᠠᠬᠢᠷᠤᠯ ᠪ∙ᠠᠩᠬᠠᠪᠠᠭᠠᠲᠤᠷ ᠨᠠᠷ ᠣᠷᠣᠯᠴᠠᠯ᠎ᠠ᠃

《ᠮᠣᠩᠭᠣᠯ ᠳ᠋ᠡᠬᠢ ᠠᠮᠧᠷᠢᠺᠠ ᠶᠢᠨ ᠨᠢᠭᠡᠳᠦᠭᠰᠡᠨ ᠤᠯᠤᠰ ᠤᠨ ᠡᠩᠬᠡ ᠲᠠᠶᠢᠪᠤᠩ ᠤᠨ ᠺᠤᠷᠫᠤᠰ ᠤᠨ 30 ᠵᠢᠯ ᠦᠨ ᠣᠢ》ᠰᠡᠳᠦᠪᠲᠦ ᠨᠢᠭᠡ ᠨᠡᠷ᠎ᠡ ᠶᠢᠨ ᠮᠠᠷᠺ ᠳᠡᠭᠡᠷ᠎ᠡ ᠠᠩᠭᠯᠢ ᠬᠡᠯᠡᠨ ᠦ ᠪᠣᠯᠪᠠᠰᠤᠷᠠᠯ ᠤᠨ ᠬᠥᠲᠥᠯᠪᠦᠷᠢ ᠶᠢᠨ ᠰᠠᠶᠢᠨ ᠳᠤᠷ᠎ᠠ ᠶᠢᠨ ᠠᠵᠢᠯᠲᠠᠨ ᠰᠤᠷᠤᠭᠴᠢ ᠪᠠᠭᠠᠴᠤᠳ ᠲᠤ ᠬᠢᠴᠢᠶᠡᠯ ᠵᠢᠭᠠᠵᠤ ᠪᠠᠶᠢᠭ᠎ᠠ ᠪᠠᠷ ᠡᠩᠬᠡ ᠲᠠᠶᠢᠪᠤᠩ ᠤᠨ ᠺᠤᠷᠫᠤᠰ ᠨᠢ ᠣᠷᠣᠨ ᠨᠤᠲᠤᠭ᠂ ᠨᠡᠶᠢᠰᠯᠡᠯ ᠬᠣᠲᠠ ᠶᠢᠨ ᠪᠦᠬᠦ ᠲᠦᠪᠰᠢᠨ ᠳᠦ ᠬᠠᠮᠲᠤᠷᠠᠨ ᠠᠵᠢᠯᠯᠠᠳᠠᠭ ᠢ ᠢᠯᠡᠷᠬᠡᠶᠢᠯᠡᠵᠦ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠮᠣᠩᠭᠣᠯ ᠭᠡᠷ᠂ ᠨᠤᠲᠤᠭ ᠤᠨ ᠤᠳᠤᠷᠢᠳᠤᠯᠭ᠎ᠠ ᠶᠢᠨ ᠣᠷᠳᠣᠨ᠂ ᠤᠯᠠᠭᠠᠨᠪᠠᠭᠠᠲᠤᠷ ᠬᠣᠲᠠ ᠶᠢᠨ ᠣᠷᠴᠢᠨ ᠦᠶ᠎ᠡ ᠶᠢᠨ ᠪᠠᠷᠢᠯᠭ᠎ᠠ᠂ ᠪᠠᠶᠢᠭᠤᠯᠤᠮᠵᠢ ᠨᠤᠭᠤᠳ᠂ ᠡᠩᠬᠡ ᠲᠠᠶᠢᠪᠤᠩ ᠤᠨ  ᠺᠤᠷᠫᠤᠰ ᠤᠨ ᠯᠤᠭᠤ᠋ ᠵᠡᠷᠭᠡ ᠶᠢ ᠳᠦᠷᠰᠦᠯᠡᠨ ᠬᠠᠷᠠᠭᠤᠯᠵᠠᠢ᠃

ᠰᠡᠳᠬᠢᠭᠳᠡᠯ ᠦᠯᠡᠳᠡᠭᠡᠬᠦ