ᠲᠡᠦᠬᠡ᠂ ᠰᠤᠶᠤᠯ ᠤᠨ ᠳᠤᠷᠠᠰᠬᠠᠯ ᠤᠨ 2021 ᠣᠨ ᠤ ᠤᠯᠤᠰ ᠤᠨ ᠲᠣᠭᠠᠯᠠᠯᠭ᠎ᠠ ᠡᠬᠢᠯᠡᠯ᠎ᠡ | News.MN

ᠲᠡᠦᠬᠡ᠂ ᠰᠤᠶᠤᠯ ᠤᠨ ᠳᠤᠷᠠᠰᠬᠠᠯ ᠤᠨ 2021 ᠣᠨ ᠤ ᠤᠯᠤᠰ ᠤᠨ ᠲᠣᠭᠠᠯᠠᠯᠭ᠎ᠠ ᠡᠬᠢᠯᠡᠯ᠎ᠡ

ᠰᠤᠶᠤᠯ ᠤᠨ ᠶᠠᠮᠤᠨ ᠤ ᠵᠠᠷᠤᠳᠠᠯ ᠢᠶᠠᠷ ᠶᠠᠪᠤᠭᠳᠠᠬᠤ ᠤᠯᠤᠰ᠂ ᠠᠶᠢᠮᠠᠭ ᠤᠨ ᠬᠠᠮᠠᠭᠠᠯᠠᠯᠲᠠ ᠲᠠᠢ ᠲᠡᠦᠬᠡ ᠰᠤᠶᠤᠯ ᠤᠨ ᠦᠯᠦ ᠬᠥᠳᠡᠯᠬᠦ ᠳᠤᠷᠠᠰᠬᠠᠯ ᠤᠨ 2021 ᠣᠨ ᠤ ᠤᠯᠤᠰ ᠤᠨ ᠲᠣᠭᠠᠯᠠᠯᠭ᠎ᠠ ᠶᠢᠨ ᠠᠵᠢᠯ ᠢ ᠭᠣᠪᠢ ᠠᠯᠲᠠᠢ ᠠᠶᠢᠮᠠᠭ ᠤᠨ ᠰᠤᠶᠤᠯ ᠤᠨ ᠬᠡᠯᠲᠡᠰ ᠪᠣᠯᠤᠨ ᠣᠷᠣᠨ ᠨᠤᠲᠤᠭ ᠰᠤᠳᠤᠯᠬᠤ ᠮᠦᠽᠧᠢ ᠶᠢᠨ ᠠᠯᠪᠠᠨ ᠬᠠᠭᠠᠭᠴᠢᠳ ᠤᠨ ᠪᠦᠷᠢᠯᠳᠦᠬᠦᠨ ᠲᠡᠢ ᠪᠡᠷ ᠠᠵᠢᠯ ᠤᠨ ᠬᠡᠰᠡᠭ ᠲᠣᠮᠢᠯᠠᠨ ᠡᠬᠢᠯᠡᠭᠦᠯᠪᠡ᠃
ᠲᠡᠳᠡ 12 ᠳ᠋ᠤᠭᠠᠷ ᠰᠠᠷ᠎ᠠ ᠶᠢᠨ 22  ᠳᠦ ᠶᠢᠰᠦᠨᠪᠤᠯᠠᠭ ᠰᠤᠮᠤ ᠶᠢᠨ《 ᠪᠠᠶᠠᠨ ᠤ ᠠᠮᠠ》ᠬᠡᠮᠡᠬᠦ ᠭᠠᠵᠠᠷ ᠲᠤ ᠪᠠᠶᠢᠷᠢᠯᠠᠬᠤ ᠠᠶᠢᠮᠠᠭ ᠤᠨ ᠬᠠᠮᠠᠭᠠᠯᠠᠯᠲᠠ ᠲᠠᠢ 《ᠬᠥᠰᠢᠶ᠎ᠡ ᠴᠢᠯᠠᠭᠤ》ᠳᠤᠷᠠᠰᠬᠠᠯ ᠤᠨ ᠦᠵᠡᠯᠭᠡ ᠲᠣᠭᠠᠯᠠᠯᠭ᠎ᠠ ᠪᠠᠷ ᠠᠵᠢᠯ ᠢᠶᠠᠨ ᠡᠬᠢᠯᠡᠭᠦᠯᠬᠦ ᠶᠢᠨ ᠵᠡᠷᠭᠡᠴᠡᠭᠡ ᠠᠵᠢᠯ ᠤᠨ ᠬᠡᠰᠡᠭ ᠦᠨ ᠬᠢᠨ ᠳᠦ ᠵᠥᠪᠯᠡᠬᠦ ᠰᠤᠷᠭᠠᠯᠲᠠ ᠶᠢ ᠬᠢᠭᠰᠡᠨ ᠪᠠᠶᠢᠨ᠎ᠠ᠃ ᠭᠣᠪᠢ ᠠᠯᠲᠠᠢ ᠠᠶᠢᠮᠠᠭ ᠲᠤ ᠤᠯᠤᠰ ᠤᠨ ᠬᠠᠮᠠᠭᠠᠯᠠᠯᠲᠠ ᠲᠠᠢ 8᠂ ᠠᠶᠢᠮᠠᠭ ᠤᠨ ᠬᠠᠮᠠᠭᠠᠯᠠᠯᠲᠠ ᠲᠠᠢ 33 ᠳᠤᠷᠠᠰᠬᠠᠯ ᠪᠠᠶᠢᠳᠠᠭ ᠪᠥᠭᠡᠳ ᠡᠳᠡᠭᠡᠷ ᠡᠴᠡ ᠳᠦᠷᠪᠡ ᠨᠢ ᠰᠢᠨ᠎ᠡ ᠪᠡᠷ ᠨᠡᠮᠡᠭᠳᠡᠭᠰᠡᠨ ᠳᠤᠷᠠᠰᠬᠠᠯ ᠶᠤᠮ᠃

ᠰᠡᠳᠬᠢᠭᠳᠡᠯ ᠦᠯᠡᠳᠡᠭᠡᠬᠦ