ᠶᠠᠫᠣᠨ ᠤ ᠭᠠᠳᠠᠭᠠᠳᠤ ᠬᠡᠷᠡᠭ ᠦᠨ ᠰᠠᠶᠢᠳ ᠲᠠᠢ ᠴᠠᠬᠢᠮ ᠠᠭᠤᠯᠵᠠᠯᠲᠠ ᠬᠢᠪᠡ | News.MN

ᠶᠠᠫᠣᠨ ᠤ ᠭᠠᠳᠠᠭᠠᠳᠤ ᠬᠡᠷᠡᠭ ᠦᠨ ᠰᠠᠶᠢᠳ ᠲᠠᠢ ᠴᠠᠬᠢᠮ ᠠᠭᠤᠯᠵᠠᠯᠲᠠ ᠬᠢᠪᠡ

ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ 2021 ᠣᠨ ᠤ 12 ᠳ᠋ᠤᠭᠠᠷ ᠰᠠᠷ᠎ᠠ ᠶᠢᠨ 23  ᠤ ᠡᠳᠦᠷ ᠶᠠᠫᠣᠨ ᠤᠯᠤᠰ ᠤᠨ ᠭᠠᠳᠠᠭᠠᠳᠤ ᠬᠡᠷᠡᠭ ᠦᠨ ᠰᠠᠶᠢᠳ ᠶᠣ᠊∙ᠬᠠᠶᠠᠰᠢ ᠲᠠᠢ ᠴᠠᠬᠢᠮ ᠠᠭᠤᠯᠵᠠᠯᠲᠠ ᠬᠢᠵᠦ᠂ ᠬᠣᠶᠠᠷ ᠣᠷᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠠᠰᠠᠭᠤᠳᠠᠯ ᠤᠳ ᠢᠶᠠᠷ ᠳᠡᠯᠭᠡᠷᠡᠩᠭᠦᠢ ᠰᠠᠨᠠᠯ ᠰᠤᠯᠢᠯᠴᠠᠪᠠ᠃ 2022 ᠣᠨ  ᠤ ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠶᠢ ᠲᠣᠬᠢᠶᠠᠯᠳᠤᠭᠤᠯᠤᠨ 《ᠮᠣᠩᠭᠣᠯ᠂ ᠶᠠᠫᠣᠨ ᠤ ᠬᠡᠦᠬᠡᠳ ᠵᠠᠯᠠᠭᠤᠴᠤᠳ ᠤᠨ ᠨᠠᠶᠢᠷᠠᠮᠳᠠᠯ᠂ ᠰᠣᠯᠢᠯᠴᠠᠭᠠᠨ ᠤ ᠵᠢᠯ》 ᠢᠶᠠᠷ ᠵᠠᠷᠯᠠᠵᠤ ᠪᠠᠶᠢᠭ᠎ᠠ ᠶᠤᠮ᠃

ᠲᠠᠯ᠎ᠠ ᠨᠤᠭᠤᠳ ᠮᠣᠩᠭᠣᠯ᠂ ᠶᠠᠫᠣᠨ ᠤ ᠬᠠᠷᠢᠯᠴᠠᠭ᠎ᠠ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠶᠢᠰᠢᠬᠢ 50 ᠵᠢᠯ ᠦᠨ ᠬᠤᠭᠤᠴᠠᠭᠠᠨ ᠳᠤ ᠲᠣᠭᠲᠠᠪᠤᠷᠢᠲᠠᠢ ᠬᠥᠭᠵᠢᠵᠦ ᠢᠷᠡᠭᠰᠡᠨ ᠪᠥᠭᠡᠳ ᠨᠡᠩ ᠢᠯᠠᠩᠭᠤᠶ᠎ᠠ 1990 ᠊ᠭᠡᠳ ᠣᠨ ᠠᠴᠠ ᠡᠷᠴᠢᠮᠲᠡᠢ ᠥᠷᠨᠢᠵᠦ᠂ ᠡᠳᠦᠭᠡ ᠰᠲᠷᠠᠲ᠋ᠧᠭᠢ ᠶᠢᠨ ᠲᠦᠩᠰᠢᠯᠡᠯ ᠦᠨ ᠥᠨᠳᠥᠷ ᠲᠦᠪᠰᠢᠨ ᠳᠦ ᠬᠦᠷᠦᠭᠰᠡᠨ ᠨᠢ ᠲᠣᠮᠣ ᠠᠮᠵᠢᠯᠲᠠ ᠬᠡᠮᠡᠨ ᠳ᠋ᠦᠩᠨᠡᠭᠡᠳ ᠢᠷᠡᠭᠡᠳᠦᠢ ᠶᠢᠨ 50 ᠵᠢᠯ ᠦᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠶᠠᠷᠢᠯᠴᠠᠪᠠ᠃

ᠰᠠᠶᠢᠳ ᠪ∙ᠪᠠᠲᠤᠴᠡᠴᠡᠭ ᠮᠣᠩᠭᠣᠯ ᠣᠷᠣᠨ ᠤ ᠢᠷᠡᠭᠡᠳᠦᠢ ᠶᠢᠨ ᠬᠥᠭᠵᠢᠯ ᠳᠤ ᠣᠯᠠᠨ ᠲᠤᠯᠭᠠᠭᠤᠷᠢᠲᠤ ᠡᠳ᠋  ᠦᠨ ᠵᠠᠰᠠᠭ ᠤᠨ ᠪᠦᠲᠦᠴᠡ ᠶᠢ ᠪᠤᠢ ᠪᠣᠯᠭᠠᠬᠤ᠂ ᠡᠺᠰᠫᠣᠷᠲ ᠢ ᠨᠡᠮᠡᠭᠳᠡᠭᠦᠯᠬᠦ᠂ ᠳᠡᠳ᠋ ᠪᠦᠲᠦᠴᠡ᠂ ᠡᠷᠴᠢᠮ ᠬᠦᠴᠦ᠂ ᠯᠤᠭᠢᠰᠲ᠋ᠢᠺ ᠤᠨ ᠨᠥᠬᠥᠴᠡᠯ ᠢ ᠰᠠᠶᠢᠵᠢᠷᠠᠭᠤᠯᠬᠤ᠂ ᠴᠢᠩᠭᠢᠬᠦ ᠳᠦ ᠪᠡᠨ ᠶᠠᠫᠣᠨ ᠤᠯᠤᠰ ᠠᠴᠠ ᠰᠢᠨ᠎ᠡ ᠲᠧᠭᠨᠣᠯᠣᠭᠢ᠂ ᠬᠥᠷᠥᠩᠭᠡ ᠣᠷᠣᠭᠤᠯᠤᠯᠲᠠ ᠲᠠᠲᠠᠬᠤ᠂ ᠬᠣᠶᠠᠷ ᠲᠠᠯ᠎ᠠ ᠶᠢᠨ ᠬᠤᠳᠠᠯᠳᠤᠭ᠎ᠠ ᠶᠢ ᠨᠡᠮᠡᠭᠳᠡᠭᠦᠯᠬᠦ ᠱᠠᠭᠠᠷᠳᠠᠯᠭ᠎ᠠ ᠪᠠᠶᠢᠭ᠎ᠠ ᠶᠢ ᠳᠤᠷᠠᠳᠪᠠ᠃ ᠢᠷᠡᠬᠦ ᠣᠨ ᠳᠤ ᠪᠠᠲᠤᠯᠠᠬᠤ ᠪᠠᠷ ᠲᠥᠯᠥᠪᠯᠡᠵᠦ ᠪᠤᠢ ᠮᠣᠩᠭᠣᠯ᠂ ᠶᠠᠫᠣᠨ ᠤ 2022-2025 ᠣᠨ ᠳᠤ ᠬᠡᠷᠡᠭᠵᠢᠭᠦᠯᠬᠦ ᠳᠤᠮᠳᠠ ᠬᠤᠭᠤᠴᠠᠭᠠᠨ ᠤ ᠰᠢᠨ᠎ᠡ ᠬᠥᠲᠥᠯᠪᠦᠷᠢ ᠶᠢᠨ ᠪᠠᠷᠢᠮᠲᠠ ᠪᠢᠴᠢᠭ ᠲᠦ ᠴᠠᠷ᠎ᠠ ᠲᠠᠬᠤᠯ ᠤᠨ ᠳᠠᠷᠠᠭᠠᠬᠢ ᠦᠶ᠎ᠡ ᠶᠢᠨ ᠡᠳ᠋ ᠦᠨ ᠵᠠᠰᠠᠭ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠴᠢᠭᠯᠡᠯ ᠦᠳ ᠢ ᠲᠣᠳᠣᠷᠬᠠᠢ ᠤᠷᠤᠭᠤᠯᠬᠤ ᠨᠢ ᠴᠢᠬᠤᠯᠠ ᠪᠠᠶᠢᠭ᠎ᠠ ᠶᠢ ᠣᠨᠴᠠᠯᠠᠪᠠ᠃

ᠰᠡᠳᠬᠢᠭᠳᠡᠯ ᠦᠯᠡᠳᠡᠭᠡᠬᠦ