ᠮᠣᠩᠭᠣᠯ ᠤᠨ ᠡᠭᠦᠷ ᠦᠨ ᠬᠣᠯᠪᠣᠭᠠᠨ ᠤ ᠰᠠᠯᠪᠤᠷᠢ ᠳᠤ《ᠬᠤᠪᠢᠰᠤᠯ》ᠠᠶᠢᠰᠤᠢ | News.MN

ᠮᠣᠩᠭᠣᠯ ᠤᠨ ᠡᠭᠦᠷ ᠦᠨ ᠬᠣᠯᠪᠣᠭᠠᠨ ᠤ ᠰᠠᠯᠪᠤᠷᠢ ᠳᠤ《ᠬᠤᠪᠢᠰᠤᠯ》ᠠᠶᠢᠰᠤᠢ

ᠪᠠᠶᠢᠭᠤᠯᠤᠭᠳᠠᠭᠠᠳ ᠵᠢᠯ ᠪᠤᠯᠤᠭᠠᠳᠤᠢ  ОNDO ᠰᠲ᠋ᠠᠷᠲ᠋ᠠᠫ ᠬᠡᠳᠦ ᠬᠡᠳᠦᠨ ᠳᠡᠪᠰᠢᠯᠳᠡᠲᠦ ᠲᠧᠭᠨᠣᠯᠣᠭᠢ ᠶᠢ ᠪᠦᠲᠦᠭᠡᠭᠡᠳ ᠵᠣᠭᠰᠣᠬᠤ ᠦᠭᠡᠢ ᠲᠤᠬᠠᠢ ᠶᠢᠨ ᠲᠧᠭᠨᠣᠯᠣᠭᠢ ᠳᠤ ᠪᠠᠨ ᠰᠠᠭᠤᠷᠢᠯᠠᠨ ᠤᠷᠲᠤ ᠬᠤᠭᠤᠴᠠᠭᠠᠨ ᠤ ᠰᠲᠷᠠᠲ᠋ᠧᠭᠢ ᠶᠢᠨ ᠲᠦᠩᠰᠢᠯᠡᠯ ᠢ ᠡᠭᠦᠰᠬᠡᠭᠡᠳ ᠪᠠᠶᠢᠨ᠎ᠠ᠃ ᠲᠣᠳᠣᠷᠠᠭᠤᠯᠪᠠᠯ᠂ 2021 ᠣᠨ ᠤ ᠠᠷᠪᠠᠨ ᠬᠣᠶᠠᠳᠤᠭᠠᠷ ᠰᠠᠷ᠎ᠠ ᠶᠢᠨ 21  ᠳᠦ《ᠮᠣᠩᠭᠣᠯ ᠤᠨ ᠴᠠᠬᠢᠯᠭᠠᠨ ᠬᠣᠯᠪᠣᠭ᠎ᠠ》ᠺᠤᠮᠫᠠᠨᠢ  ᠲᠠᠢ ᠬᠠᠮᠲᠤᠷᠠᠨ ᠠᠵᠢᠯᠯᠠᠬᠤ ᠰᠲᠷᠠᠲ᠋ᠧᠭᠢ ᠶᠢᠨ ᠲᠦᠩᠰᠢᠯᠡᠯ ᠠᠯᠪᠠᠨ ᠶᠣᠰᠣᠭᠠᠷ ᠪᠠᠶᠢᠭᠤᠯᠤᠭᠰᠠᠨ ᠪᠠᠶᠢᠨ᠎ᠠ᠃
ᠮᠣᠩᠭᠣᠯ ᠤᠯᠤᠰ ᠤᠨ 21 ᠠᠶᠢᠮᠠᠭ᠂ 330 ᠰᠤᠮᠤ ᠶᠢ ᠬᠠᠮᠤᠷᠤᠭᠰᠠᠨ ᠥᠷᠭᠡᠨ ᠳᠡᠳ᠋ ᠪᠦᠲᠦᠴᠡ ᠪᠦᠬᠦᠢ 100 ᠵᠢᠯ ᠦᠨ ᠲᠤᠷᠰᠢᠯᠭ᠎ᠠ ᠲᠠᠢ《ᠮᠣᠩᠭᠣᠯ ᠤᠨ ᠴᠠᠬᠢᠯᠭᠠᠨ ᠬᠣᠯᠪᠣᠭ᠎ᠠ》ᠺᠤᠮᠫᠠᠨᠢ ᠨᠢ ᠡᠶᠢᠨᠬᠦᠦ ᠰᠢᠨ᠎ᠡ ᠲᠧᠭᠨᠣᠯᠣᠭᠢ ᠶᠢ ᠨᠡᠪᠲᠡᠷᠡᠭᠦᠯᠦᠭᠴᠢ ONDO  ᠲᠠᠢ ᠬᠠᠮᠲᠤᠷᠠᠵᠤ ᠠᠵᠢᠯᠯᠠᠭᠰᠠᠨ ᠢᠶᠠᠷ ᠲᠤᠷᠰᠢᠯᠭ᠎ᠠ᠂ ᠢᠨᠨᠣᠸᠠᠼ ᠬᠣᠶᠠᠷ ᠢ ᠬᠣᠣᠰᠯᠠᠭᠤᠯᠵᠤ ᠡᠨᠡ ᠴᠠᠭ ᠦᠶ᠎ᠡ ᠶᠢᠨ ᠬᠡᠷᠡᠭᠯᠡᠭᠴᠢᠳ ᠦᠨ ᠬᠡᠷᠡᠭᠴᠡᠭᠡᠨ ᠳᠦ ᠨᠡᠶᠢᠴᠡᠭᠰᠡᠨ ᠴᠣᠭᠴᠠ ᠬᠠᠷᠢᠯᠴᠠᠭ᠎ᠠ ᠬᠣᠯᠪᠣᠭᠠᠨ ᠤ ᠰᠢᠢᠳᠦᠯ ᠢ ᠬᠦᠷᠭᠡᠬᠦ ᠪᠣᠯᠤᠮᠵᠢ ᠲᠠᠢ ᠪᠣᠯᠤᠯ᠎ᠠ᠃ ᠲᠥᠷᠥ ᠬᠤᠪᠢ ᠶᠢᠨ ᠬᠡᠪᠰᠢᠯ ᠦᠨ ᠡᠨᠡ ᠬᠦ ᠬᠠᠮᠲᠤᠷᠠᠯ ᠨᠢ ᠮᠡᠳᠡᠭᠡᠯᠡᠯ ᠦᠨ ᠲᠧᠭᠨᠣᠯᠣᠭᠢ᠂ ᠬᠠᠷᠢᠯᠴᠠᠭ᠎ᠠ ᠬᠣᠯᠪᠣᠭᠠᠨ ᠤ ᠰᠠᠯᠪᠤᠷᠢ ᠶᠢᠨ ᠬᠥᠭᠵᠢᠯ ᠦᠨ ᠬᠤᠷᠳᠤ ᠶᠢ ᠮᠣᠩᠭᠣᠯ ᠤᠨ ᠬᠡᠷᠡᠭᠯᠡᠭᠴᠢᠳ ᠲᠦ ᠴᠠᠭ ᠠᠯᠳᠠᠯ ᠦᠭᠡᠢ ᠬᠦᠷᠭᠡᠬᠦ ᠰᠲᠷᠠᠲ᠋ᠧᠭᠢ ᠶᠢᠨ ᠴᠢᠬᠤᠯᠠ ᠠᠴᠢ ᠬᠣᠯᠪᠣᠭᠳᠠᠯ ᠪᠦᠬᠦᠢ ᠠᠯᠬᠤᠮ ᠪᠣᠯᠵᠤ ᠪᠠᠶᠢᠨ᠎ᠠ᠃

ᠰᠡᠳᠬᠢᠭᠳᠡᠯ ᠦᠯᠡᠳᠡᠭᠡᠬᠦ