ᠡᠯᠴᠢᠨ ᠰᠠᠶᠢᠳ ᠮᠠᠶᠢᠺᠯ ᠰ ∙ ᠺᠯᠧᠴᠧᠰᠺᠢ ᠪᠤᠯᠠᠭᠠᠨ ᠠᠶᠢᠮᠠᠭ ᠲᠤ ᠵᠣᠴᠢᠯᠠᠵᠤ ᠪᠠᠶᠢᠨ᠎ᠠ | News.MN

ᠡᠯᠴᠢᠨ ᠰᠠᠶᠢᠳ ᠮᠠᠶᠢᠺᠯ ᠰ ∙ ᠺᠯᠧᠴᠧᠰᠺᠢ ᠪᠤᠯᠠᠭᠠᠨ ᠠᠶᠢᠮᠠᠭ ᠲᠤ ᠵᠣᠴᠢᠯᠠᠵᠤ ᠪᠠᠶᠢᠨ᠎ᠠ

ᠠᠮᠧᠷᠢᠺᠠ ᠠᠴᠠ ᠮᠠᠨ ᠤ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠮᠠᠶᠢᠺᠯ ᠺᠯᠧᠴᠧᠰᠺᠢ ᠪᠤᠯᠠᠭᠠᠨ ᠠᠶᠢᠮᠠᠭ ᠲᠤ ᠵᠣᠴᠢᠯᠠᠵᠤ ᠪᠠᠶᠢᠨ᠎ᠠ᠃ ᠲᠡᠷᠡ᠄ ᠠᠮᠧᠷᠢᠺᠠ ᠂ ᠮᠣᠩᠭᠣᠯ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 35 ᠵᠢᠯ ᠦᠨ ᠣᠢ ᠢᠷᠡᠵᠦ ᠪᠤᠢ 2022 ᠣᠨ ᠳᠤ ᠲᠣᠬᠢᠶᠠᠵᠤ ᠪᠠᠶᠢᠭ᠎ᠠ᠃ ᠡᠨᠡ ᠬᠤᠭᠤᠴᠠᠭᠠᠨ ᠳᠤ ᠲᠣᠭᠲᠠᠭᠠᠭᠰᠠᠨ ᠰᠲᠷᠠᠲ᠋ᠧᠭᠢ ᠶᠢᠨ ᠢᠯᠡᠭᠦᠦ ᠨᠠᠶᠢᠷᠰᠠᠭ ᠬᠠᠷᠢᠯᠴᠠᠭ᠎ᠠ ᠶᠢ ᠡᠷᠬᠢᠮᠯᠡᠵᠦ᠂ ᠡᠳ᠋ ᠦᠨ ᠵᠠᠰᠠᠭ ᠬᠠᠮᠲᠤ ᠶᠢᠨ ᠠᠵᠢᠯᠯᠠᠭ᠎ᠠ ᠂ ᠴᠡᠷᠢᠭ ᠪᠠᠲᠤᠯᠠᠨ ᠬᠠᠮᠠᠭᠠᠯᠠᠬᠤ᠂ ᠬᠠᠤᠯᠢ ᠬᠡᠷᠡᠭᠵᠢᠯᠲᠡ ᠶᠢᠨ ᠲᠠᠯ᠎ᠠ ᠪᠠᠷ ᠴᠡᠷᠢᠭ ᠴᠠᠭᠳᠠᠭ᠎ᠠ ᠶᠢᠨ ᠪᠠᠶᠢᠭᠤᠯᠤᠯᠭ᠎ᠠ ᠳᠤ ᠰᠤᠷᠭᠠᠯᠲᠠ ᠳᠠᠳᠤᠯᠭ᠎ᠠ ᠵᠤᠬᠢᠶᠠᠨ ᠪᠠᠢᠭᠤᠯᠵᠤ᠂《ᠬᠦᠮᠦᠨ ᠪᠠ ᠬᠦᠮᠦᠰ》 《ᠮᠣᠩᠭᠣᠯᠴᠤᠳ ᠪᠠ ᠠᠮᠧᠷᠢᠺᠠᠴᠤᠳ》ᠵᠡᠷᠭᠡ ᠬᠣᠲᠠ ᠬᠣᠭᠣᠷᠣᠨᠳᠣ ᠶᠢᠨ ᠲᠦᠩᠰᠢᠯᠡᠯ᠂ ᠠᠩᠭᠯᠢ ᠬᠡᠯᠡᠨ ᠦ ᠪᠣᠯᠪᠠᠰᠤᠷᠠᠯ ᠢ ᠰᠠᠶᠢᠵᠢᠷᠠᠭᠤᠯᠬᠤ ᠳᠤ ᠮᠣᠩᠭᠣᠯ ᠤᠯᠤᠰ ᠲᠠᠢ ᠲᠦᠯᠬᠢᠭᠦᠦ ᠬᠠᠮᠲᠤᠷᠠᠨ ᠠᠵᠢᠯᠯᠠᠵᠤ ᠪᠠᠶᠢᠨ᠎ᠠ᠃ ᠪᠤᠯᠠᠭᠠᠨ ᠠᠶᠢᠮᠠᠭ ᠲᠠᠢ ᠴᠤ ᠡᠨᠡ ᠴᠢᠭᠯᠡᠯ ᠢᠶᠡᠷ ᠬᠠᠮᠲᠤᠷᠠᠨ ᠠᠵᠢᠯᠯᠠᠬᠤ ᠪᠣᠯᠤᠮᠵᠢ ᠪᠤᠢ ᠶᠢ ᠣᠨᠴᠠᠯᠠᠯ᠎ᠠ ᠭᠡᠵᠦ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠠᠴᠠ  ᠮᠡᠳᠡᠭᠡᠯᠡᠯ᠎ᠡ᠃

ᠠᠶᠢᠯᠴᠢᠯᠠᠯ ᠤᠨ ᠬᠦᠷᠢᠶᠡᠨ ᠳᠦ ᠠᠶᠢᠮᠠᠭ ᠤᠨ ᠲᠥᠷᠥ ᠲᠥᠰᠥᠪ ᠦᠨ ᠪᠠᠶᠢᠭᠤᠯᠤᠯᠭ᠎ᠠ ᠶᠢᠨ ᠤᠳᠤᠷᠢᠳᠤᠯᠭ᠎ᠠ᠂ ᠠᠶᠢᠮᠠᠭ ᠤᠨᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠤᠨ ᠠᠯᠪᠠᠨ ᠬᠠᠭᠠᠭᠴᠢᠳ ᠲᠠᠢ ᠠᠭᠤᠯᠵᠠᠯᠲᠠ ᠬᠢᠪᠡ᠃ ᠠᠭᠤᠯᠵᠠᠯᠲᠠ ᠶᠢᠨ ᠦᠶ᠎ᠡ ᠪᠡᠷ ᠬᠥᠳᠡᠭᠡ ᠠᠵᠤ ᠠᠬᠤᠢ᠂ ᠡᠷᠡᠭᠦᠯ ᠮᠡᠨᠳᠦ᠂ ᠪᠣᠯᠪᠠᠰᠤᠷᠠᠯ᠂ ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ᠂ ᠭᠡᠷ ᠪᠦᠯᠢ ᠬᠡᠦᠬᠡᠳ ᠵᠠᠯᠠᠭᠤᠴᠤᠳ ᠤᠨ ᠰᠠᠯᠪᠤᠷᠢ ᠶᠢᠨ ᠬᠦᠷᠢᠶᠡᠨ ᠳᠦ ᠬᠠᠮᠲᠤᠷᠠᠨ ᠠᠵᠢᠯᠯᠠᠬᠤ ᠰᠠᠨᠠᠯ ᠢ ᠪᠠᠶᠢᠭᠤᠯᠤᠯᠭ᠎ᠠ ᠶᠢᠨ ᠤᠳᠤᠷᠢᠳᠤᠯᠭ᠎ᠠ ᠨᠠᠷ ᠡᠯᠴᠢᠨ ᠰᠠᠶᠢᠳ ᠲᠤ ᠤᠯᠠᠮᠵᠢᠯᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ