ᠳ∙ᠰᠦᠬᠡᠪᠠᠭᠠᠲᠤᠷ᠂ ᠶᠡᠬᠡ ᠡᠵᠡᠨ ᠴᠢᠩᠭᠢᠰ ᠬᠠᠭᠠᠨ ᠤ ᠬᠦᠰᠢᠶᠡᠨ ᠳᠦ ᠬᠦᠨᠳᠦᠳᠬᠡᠯ ᠦᠵᠡᠭᠦᠯᠦᠯ᠎ᠡ | News.MN

ᠳ∙ᠰᠦᠬᠡᠪᠠᠭᠠᠲᠤᠷ᠂ ᠶᠡᠬᠡ ᠡᠵᠡᠨ ᠴᠢᠩᠭᠢᠰ ᠬᠠᠭᠠᠨ ᠤ ᠬᠦᠰᠢᠶᠡᠨ ᠳᠦ ᠬᠦᠨᠳᠦᠳᠬᠡᠯ ᠦᠵᠡᠭᠦᠯᠦᠯ᠎ᠡ

ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ ᠲᠡᠦᠬᠡᠲᠦ 110 ᠵᠢᠯ ᠦᠨ ᠣᠢ ᠶᠢ ᠲᠣᠬᠢᠶᠠᠯᠳᠤᠭᠤᠯᠤᠨ ᠮᠣᠩᠭᠣᠯ ᠤᠯᠤᠰ ᠤᠨ ᠶᠡᠷᠦᠩᠬᠡᠶᠢᠯᠡᠭᠴᠢ ᠤ᠊ ∙ᠬᠦᠷᠡᠯᠰᠦ᠋ᠬᠡ ᠂ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ᠂ ᠶᠡᠷᠦᠩᠬᠡᠢ ᠰᠠᠶᠢᠳ ᠯ∙ᠤᠶᠤᠡᠡᠷᠳᠡᠨᠢ ᠪᠣᠯᠤᠨ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠤᠨ ᠭᠡᠰᠢᠭᠦᠳ ᠶᠡᠬᠡ ᠡᠵᠡᠨ ᠴᠢᠩᠭᠢᠰ ᠬᠠᠭᠠᠨ ᠤ  ᠬᠦᠰᠢᠶᠡᠨ ᠳᠦ ᠬᠦᠨᠳᠦᠳᠬᠡᠯ ᠦᠵᠡᠭᠦᠯᠦᠯ᠎ᠡ᠃
ᠲᠡᠷᠲᠡᠭᠡ 1911 ᠣᠨ ᠤ ᠡᠨᠡ ᠡᠳᠦᠷ ᠮᠣᠩᠭᠣᠯᠴᠤᠳ 200 ᠭᠠᠷᠤᠢ ᠵᠢᠯ ᠦᠷᠭᠦᠯᠵᠢᠯᠡᠭᠰᠡᠨ ᠮᠠᠨᠵᠤ ᠴᠢᠩ ᠤᠯᠤᠰ ᠤᠨ ᠨᠣᠶᠠᠷᠬᠠᠯ ᠢ ᠬᠠᠯᠠᠵᠤ᠂ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠵᠠᠷᠯᠠᠨ ᠨᠠᠢ᠌ᠮᠠᠳᠤᠭᠠᠷ ᠪᠣᠭᠳᠠ ᠵᠢᠪᠽᠤᠨᠳᠠᠮᠪᠠ ᠶᠢ ᠬᠠᠭᠠᠨ ᠳᠤ ᠡᠷᠭᠦᠮᠵᠢᠯᠡᠵᠡᠢ᠃ ᠮᠥᠨ ᠡᠳᠦᠷ ᠭᠠᠳᠠᠭᠠᠳᠤ ᠬᠡᠷᠡᠭ ᠢ ᠡᠷᠬᠢᠯᠡᠨ ᠰᠢᠢᠳᠭᠡᠬᠦ᠂ ᠴᠡᠷᠢᠭ ᠦᠨ᠂ ᠰᠠᠩ ᠤᠨ᠂ ᠰᠢᠭᠦᠬᠦ᠂ ᠳᠣᠲᠣᠭᠠᠳᠤ ᠶᠠᠪᠤᠳᠠᠯ ᠤᠨ ᠭᠡᠰᠡᠨ ᠲᠠᠪᠤᠨ ᠶᠠᠮᠤᠨ ᠠᠴᠠ ᠪᠦᠷᠢᠳᠦᠭᠰᠡᠨ ᠵᠠᠰᠠᠭ ᠤᠨ ᠭᠠᠵᠠᠷ ᠢᠶᠠᠨ ᠪᠠᠶᠢᠭᠤᠯᠤᠭᠰᠠᠨ ᠶᠤᠮ᠃

ᠰᠡᠳᠬᠢᠭᠳᠡᠯ ᠦᠯᠡᠳᠡᠭᠡᠬᠦ