《ᠭᠣᠭᠣᠵᠢᠩ ᠤᠨ ᠥᠨᠳᠥᠷ》  ᠢ ᠨᠡᠶᠢᠰᠯᠡᠯ ᠦᠨ ᠬᠠᠮᠠᠭᠠᠯᠠᠯᠲᠠ ᠳᠤ ᠠᠪᠤᠯ᠎ᠠ | News.MN

《ᠭᠣᠭᠣᠵᠢᠩ ᠤᠨ ᠥᠨᠳᠥᠷ》  ᠢ ᠨᠡᠶᠢᠰᠯᠡᠯ ᠦᠨ ᠬᠠᠮᠠᠭᠠᠯᠠᠯᠲᠠ ᠳᠤ ᠠᠪᠤᠯ᠎ᠠ

ᠪᠣᠭᠳᠠ ᠬᠠᠭᠠᠨᠲᠤ ᠮᠣᠩᠭᠣᠯ ᠤᠯᠤᠰ ᠤᠨ ᠠᠩᠬᠠᠨ ᠤ ᠶᠡᠷᠦᠩᠬᠡᠢ ᠰᠠᠶᠢᠳ ᠰᠠᠶᠢᠨ ᠨᠣᠶᠠᠨ ᠬᠠᠨ ᠲ ∙ ᠨᠠᠮᠨᠠᠨᠰᠦ᠋ᠷᠦᠩ ᠦᠨ 1914 ᠣᠨ ᠳᠤ ᠪᠠᠷᠢᠭᠤᠯᠵᠤ᠂ ᠠᠮᠢᠳᠤᠷᠠᠵᠤ ᠪᠠᠶᠢᠭᠰᠠᠨ 《ᠭᠣᠭᠣᠵᠢᠩ ᠤᠨ ᠥᠨᠳᠥᠷ》 ᠬᠡᠮᠡᠬᠦ ᠪᠠᠷᠢᠯᠭ᠎ᠠ ᠶᠢ ᠬᠠᠮᠠᠭᠠᠯᠠᠯᠲᠠ ᠳᠤ ᠠᠪᠬᠤ ᠲᠤᠬᠠᠢ ᠨᠡᠶᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠶᠢᠨ ᠵᠠᠬᠢᠷᠤᠭᠴᠢ ᠳ ∙ ᠰᠤᠮᠢᠶᠠᠪᠠᠽᠠᠷ ᠤᠨ ᠵᠠᠬᠢᠷᠤᠮᠵᠢ ᠥᠴᠥᠭᠡᠳᠦᠷ ᠭᠠᠷᠴᠠᠢ᠃ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 100 ᠵᠢᠯ ᠦᠨ ᠣᠢ ᠲᠣᠬᠢᠶᠠᠵᠤ ᠪᠤᠢ ᠡᠨᠡ ᠡᠳᠦᠷ ᠨᠡᠶᠢᠰᠯᠡᠯ ᠦᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠤᠨ ᠬᠡᠪᠯᠡᠯ ᠦᠨ ᠲᠥᠯᠥᠭᠡᠯᠡᠭᠴᠢ ᠨ ∙ ᠱᠤᠭᠠᠷ᠎ᠠ᠂ ᠨᠡᠶᠢᠰᠯᠡᠯ ᠦᠨ ᠵᠠᠰᠠᠭ ᠳᠠᠷᠤᠭ᠎ᠠ ᠶᠢᠨ ᠠᠬᠠᠯᠠᠬᠤ ᠵᠥᠪᠯᠡᠬᠦ ᠳ ∙ᠮᠦᠩᠬᠡᠡᠷᠳᠡᠨᠢ ᠬᠡᠪᠯᠡᠯ ᠦᠨ ᠬᠢᠨ ᠳᠦ ᠡᠨᠡ ᠲᠤᠬᠠᠢ ᠮᠡᠳᠡᠭᠡᠯᠡᠯ ᠥᠭᠪᠡ᠃
ᠦᠨᠳᠦᠰᠦᠨ ᠬᠠᠤᠯᠢ ᠶᠢᠨ ᠳᠣᠯᠣᠳᠤᠭᠠᠷ ᠵᠦᠢᠯ ᠦᠨ ᠨᠢᠭᠡᠳᠡᠬᠢ ᠬᠡᠰᠡᠭ ᠲᠦ᠂ 《ᠮᠣᠩᠭᠣᠯ ᠤᠨ ᠠᠷᠠᠳ ᠲᠦᠮᠡᠨ ᠦ ᠲᠡᠦᠬᠡ ᠰᠤᠶᠤᠯ ᠤᠨ ᠳᠤᠷᠠᠰᠬᠠᠯᠲᠤ ᠵᠦᠢᠯ᠂ ᠰᠢᠨᠵᠢᠯᠡᠬᠦ ᠤᠬᠠᠭᠠᠨ᠂ ᠣᠶᠤᠨ ᠤ ᠥᠪ ᠲᠥᠷᠥ ᠶᠢᠨ ᠬᠠᠮᠠᠭᠠᠯᠠᠯᠲᠠ ᠳᠤ ᠪᠠᠶᠢᠨ᠎ᠠ》 ᠭᠡᠵᠦ ᠵᠢᠭᠠᠭᠰᠠᠨ ᠢ ᠦᠨᠳᠦᠰᠦᠯᠡᠨ ᠳᠡᠭᠡᠷᠡᠬᠢ ᠵᠠᠬᠢᠷᠤᠮᠵᠢ ᠶᠢ ᠭᠠᠷᠭᠠᠵᠠᠢ᠃ ᠪᠠᠷᠢᠯᠭ᠎ᠠ ᠶᠢᠨ ᠠᠩᠬᠠᠨ ᠤ ᠬᠡᠯᠪᠡᠷᠢ᠂ ᠬᠢᠴᠡ ᠶᠢ ᠠᠯᠳᠠᠭᠳᠠᠭᠤᠯᠬᠤ ᠦᠭᠡᠢ ᠰᠡᠷᠭᠦᠭᠡᠨ ᠵᠠᠰᠠᠬᠤ ᠠᠵᠢᠯ ᠢ 2022 ᠣᠨ ᠤ ᠳᠥᠷᠪᠡᠳᠦᠭᠡᠷ ᠤᠯᠠᠷᠢᠯ ᠳᠤ ᠪᠠᠭᠲᠠᠭᠠᠬᠤ ᠶᠢ ᠨᠡᠶᠢᠰᠯᠡᠯ ᠦᠨ ᠰᠤᠶᠤᠯ ᠤᠷᠠᠯᠢᠭ ᠤᠨ ᠭᠠᠵᠠᠷ ᠤᠨ ᠳᠠᠷᠤᠭ᠎ᠠ ᠵ ∙  ᠳᠠᠮᠳᠢᠨᠴᠡᠷᠡᠨ ᠳᠦ ᠳᠠᠭᠠᠭᠠᠯᠭᠠᠪᠠ᠃ ᠮᠥᠨ ᠮᠦᠽᠧᠢ ᠶᠢᠨ ᠴᠢᠭᠯᠡᠯ ᠢᠶᠡᠷ ᠠᠵᠢᠯᠯᠠᠭᠤᠯᠬᠤ ᠶᠢ ᠤᠯᠠᠭᠠᠨᠪᠠᠭᠠᠲᠤᠷ ᠬᠣᠲᠠ ᠶᠢᠨ ᠮᠦᠽᠧᠢ ᠳᠦ ᠳᠠᠭᠠᠭᠠᠯᠭᠠᠯ᠎ᠠ᠃

ᠰᠡᠳᠬᠢᠭᠳᠡᠯ ᠦᠯᠡᠳᠡᠭᠡᠬᠦ