ᠭᠠᠳᠠᠭᠠᠳᠤ ᠥᠷᠢ 33 ᠲᠡᠷᠪᠤᠮ ᠪᠣᠯᠵᠤ ᠥᠰᠴᠠᠢ | News.MN

ᠭᠠᠳᠠᠭᠠᠳᠤ ᠥᠷᠢ 33 ᠲᠡᠷᠪᠤᠮ ᠪᠣᠯᠵᠤ ᠥᠰᠴᠠᠢ

ᠤᠯᠤᠰ ᠤᠨ ᠶᠡᠬᠡ ᠬᠤᠷᠠᠯ ᠤᠨ ᠡᠳ᠋ ᠦᠨ ᠵᠠᠰᠠᠭ ᠤᠨ ᠪᠠᠶᠢᠩᠭᠤ ᠶᠢᠨ ᠬᠣᠷᠢᠶᠠᠨ ᠤ ᠥᠨᠥᠳᠥᠷ ᠦᠨ ᠬᠤᠷᠠᠯᠳᠤᠭᠠᠨ ᠢᠶᠠᠷ ᠵᠠᠰᠠᠭ ᠤᠨ ᠭᠠᠵᠠᠷ ᠤᠨ ᠡᠷᠭᠦᠨ ᠮᠡᠳᠡᠭᠦᠯᠦᠭᠰᠡᠨ《ᠰᠢᠨ᠎ᠡ ᠰᠡᠷᠭᠦᠯᠲᠡ ᠶᠢᠨ ᠪᠣᠳᠣᠯᠭ᠎ᠠ ᠪᠠᠲᠤᠯᠠᠬᠤ ᠲᠤᠬᠠᠢ》ᠲᠣᠭᠲᠠᠭᠠᠯ ᠤᠨ ᠲᠥᠰᠥᠯ ᠢ ᠬᠡᠯᠡᠯᠴᠡᠯ᠎ᠡ᠃  ᠡᠭᠦᠨ ᠲᠡᠢ ᠬᠣᠯᠪᠣᠭᠳᠠᠭᠤᠯᠤᠨ ᠪᠠᠶᠢᠩᠭᠤ ᠶᠢᠨ ᠬᠣᠷᠢᠶᠠᠨ ᠤ ᠭᠡᠰᠢᠭᠦᠳ ᠰᠠᠨᠠᠯ ᠬᠡᠯᠡᠯ᠎ᠡ᠃
ᠤᠯᠤᠰ ᠤᠨ ᠶᠡᠬᠡ ᠬᠤᠷᠠᠯ  ᠦᠨ ᠭᠡᠰᠢᠭᠦᠨ ᠳ∙ᠪᠠᠲᠤᠯᠤᠲᠤ᠄ ᠮᠣᠩᠭᠣᠯ ᠤᠯᠤᠰ ᠤᠨ ᠭᠠᠳᠠᠭᠠᠳᠤ ᠥᠷᠢ 2021 ᠣᠨ ᠤ ᠡᠬᠢᠨ ᠦ ᠬᠠᠭᠠᠰ ᠭᠡᠬᠦ ᠳᠦ 33 ᠲᠡᠷᠪᠤᠮ ᠪᠣᠯᠵᠤ ᠥᠰᠴᠠᠢ᠃ ᠬᠥᠭᠵᠢᠵᠦ ᠪᠤᠢ ᠣᠷᠣᠨ ᠨᠤᠭᠤᠳ ᠲᠠᠢ ᠬᠠᠷᠢᠴᠠᠭᠤᠯᠬᠤ ᠳᠤ ᠬᠤᠷᠳᠤᠴᠠ ᠲᠠᠢ ᠥᠰᠦᠭᠰᠡᠨ ᠪᠠᠶᠢᠨ᠎ᠠ᠃ ᠡᠨᠡ ᠪᠠᠶᠢᠳᠠᠯ ᠨᠢ ᠤᠷᠲᠤ ᠬᠤᠭᠤᠴᠠᠭᠠᠨ ᠳᠤ ᠪᠠᠨ ᠰᠥᠷᠭᠦ ᠪᠣᠭᠣᠨᠢ ᠬᠤᠭᠤᠴᠠᠭᠠᠨ ᠳᠤ ᠪᠠᠨ ᠡᠶᠡᠷᠭᠦ ᠨᠥᠯᠥᠭᠡ ᠦᠵᠡᠭᠦᠯᠦᠨ᠎ᠡ᠃

ᠪᠢᠳᠡ ᠣᠯᠠᠨ ᠴᠢᠭᠯᠡᠯ ᠳᠦ ᠬᠣᠣᠰ ᠮᠣᠷᠢ ᠲᠠᠢ᠂ ᠰᠣᠯᠣᠩᠭᠠᠷᠠᠭᠤᠯᠤᠨ ᠠᠵᠢᠯᠯᠠᠬᠤ ᠶᠣᠰᠣᠲᠠᠢ᠃ ᠠᠭᠤᠯᠠ ᠠᠭᠤᠷᠬᠠᠢ ᠠᠴᠠ ᠰᠢᠭᠤᠳ ᠬᠠᠮᠢᠶᠠᠷᠤᠯ ᠲᠠᠢ ᠡᠳ᠋  ᠦᠨ ᠵᠠᠰᠠᠭ ᠲᠠᠢ᠃ ᠲᠡᠶᠢᠮᠦ ᠡᠴᠡᠰᠢᠨᠵᠢᠯᠡᠬᠦ ᠤᠬᠠᠭᠠᠨ ᠲᠧᠭᠨᠣᠯᠣᠭᠢ ᠶᠢᠨ ᠴᠢᠭᠯᠡᠯ ᠦᠨ ᠬᠥᠷᠥᠩᠭᠡ ᠣᠷᠣᠭᠤᠯᠤᠯᠲᠠ ᠶᠢ ᠨᠡᠮᠡᠭᠳᠡᠭᠦᠯᠬᠦ ᠱᠠᠭᠠᠷᠳᠠᠯᠭ᠎ᠠ ᠲᠠᠢ ᠪᠠᠶᠢᠨ᠎ᠠ ᠭᠡᠰᠡᠨ ᠶᠤᠮ᠃

ᠰᠠᠩ ᠤᠨ ᠰᠠᠶᠢᠳ ᠪ∙ᠵᠢᠪᠬᠤᠯᠠᠩ᠄ ᠡᠳᠡᠭᠡᠷ ᠲᠥᠰᠥᠯ ᠪᠦᠷᠢᠨ ᠠᠰᠢᠭᠯᠠᠯᠲᠠ ᠳᠤ ᠣᠷᠣᠲᠠᠯ᠎ᠠ ᠪᠠᠨ ᠳᠣᠣᠷ᠎ᠠ ᠬᠠᠶᠠᠵᠤ᠂ 4-5 ᠵᠢᠯ ᠪᠣᠯᠤᠨ᠎ᠠ᠃ ᠲᠥᠯᠥᠪᠦᠷᠢ ᠶᠢᠨ ᠲᠡᠩᠴᠡᠯ ᠳᠡᠭᠡᠷ᠎ᠡ ᠮᠡᠳᠡᠭᠡᠵᠢ ᠬᠦᠨᠳᠦ ᠲᠤᠰᠤᠨ᠎ᠠ᠃ ᠬᠠᠷᠢᠨ ᠠᠰᠢᠭᠯᠠᠯᠲᠠ ᠳᠤ ᠣᠷᠣᠭᠰᠠᠨ ᠠᠴᠠ ᠬᠣᠶᠢᠰᠢ ᠡᠳ᠋  ᠦᠨ ᠵᠠᠰᠠᠭ ᠲᠤ ᠦᠷ᠎ᠡ ᠦᠭᠭᠦᠭᠡᠵᠢ ᠥᠭᠬᠦ ᠲᠣᠫ ᠲᠥᠰᠥᠯ ᠦᠳ ᠭᠡᠪᠡ᠃

ᠰᠡᠳᠬᠢᠭᠳᠡᠯ ᠦᠯᠡᠳᠡᠭᠡᠬᠦ