︽ ᠰᠤᠶᠤᠯ ᠤᠨ ᠲᠤᠬᠠᠢ︾ᠬᠠᠤᠯᠢ ᠬᠡᠷᠡᠭᠵᠢᠵᠦ ᠡᠬᠢᠯᠡᠯ᠎ᠡ | News.MN

︽ ᠰᠤᠶᠤᠯ ᠤᠨ ᠲᠤᠬᠠᠢ︾ᠬᠠᠤᠯᠢ ᠬᠡᠷᠡᠭᠵᠢᠵᠦ ᠡᠬᠢᠯᠡᠯ᠎ᠡ

ᠰᠢᠨᠡᠴᠢᠯᠡᠨ ᠪᠠᠲᠤᠯᠠᠭᠰᠠᠨ︽ᠰᠤᠶᠤᠯ ᠤᠨ ᠲᠤᠬᠠᠢ︾ᠬᠠᠤᠯᠢ ᠨᠢ ᠲᠥᠷᠥ ᠡᠴᠡ ᠰᠤᠶᠤᠯ ᠤᠨ ᠲᠠᠯ᠎ᠠ ᠪᠠᠷ ᠪᠠᠷᠢᠮᠲᠠᠯᠠᠬᠤ ᠪᠣᠳᠣᠯᠭ᠎ᠠ᠂ ᠵᠠᠷᠴᠢᠮ ᠢ ᠲᠣᠳᠣᠷᠬᠠᠶᠢᠯᠠᠵᠤ᠂ ᠰᠤᠶᠤᠯ ᠤᠨ ᠦᠢᠯᠡ ᠠᠵᠢᠯᠯᠠᠭ᠎ᠠ ᠡᠷᠬᠢᠯᠡᠬᠦ᠂ ᠲᠡᠭᠦᠨ ᠦ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ᠂ ᠣᠷᠣᠯᠴᠠᠭᠴᠢᠳ ᠤᠨ ᠡᠷᠬᠡ᠂ ᠡᠭᠦᠷᠭᠡ᠂ ᠡᠳ᠋  ᠦᠨ ᠵᠠᠰᠠᠭ ᠤᠨ ᠦᠨᠳᠦᠰᠦ ᠶᠢ ᠲᠣᠭᠲᠠᠭᠠᠬᠤ ᠲᠠᠢ ᠬᠣᠯᠪᠣᠭᠳᠠᠭᠰᠠᠨ ᠬᠠᠷᠢᠯᠴᠠᠭ᠎ᠠ ᠶᠢ ᠵᠣᠬᠢᠴᠠᠭᠤᠯᠬᠤ ᠵᠣᠷᠢᠯᠭ᠎ᠠ ᠲᠠᠢ᠃
ᠲᠤᠰ ᠬᠠᠤᠯᠢ ᠳᠤ ᠲᠤᠰᠬᠠᠭᠰᠠᠨ ᠵᠠᠷᠢᠮ ᠲᠣᠳᠣᠷᠬᠠᠶᠢᠯᠠᠯᠲᠠ ᠠᠴᠠ ᠳᠤᠷᠠᠳᠪᠠᠯ᠂ 《ᠰᠤᠶᠤᠯ ᠤᠨ ᠦᠨᠡᠲᠦ ᠵᠦᠢᠯ》 ᠭᠡᠵᠦ ᠲᠡᠦᠬᠡᠨ ᠲᠣᠳᠣᠷᠬᠠᠢ ᠣᠷᠣᠨ ᠵᠠᠢ᠂ ᠴᠠᠭ ᠦᠶ᠎ᠡ ᠶᠢᠨ ᠠᠯᠢ ᠨᠢᠭᠡ ᠬᠡᠰᠡᠭ ᠢ ᠲᠥᠯᠦᠭᠡᠯᠡᠵᠦ ᠴᠢᠳᠠᠬᠤ᠂ ᠡᠰᠡᠬᠦᠯ᠎ᠡ ᠬᠦᠮᠦᠨ ᠦ ᠣᠶᠤᠨ ᠰᠠᠨᠠᠭ᠎ᠠ ᠭᠡᠵᠦ ᠲᠣᠳᠣᠷᠬᠠᠶᠢᠯᠠᠭᠰᠠᠨ ᠪᠠᠶᠢᠨ᠎ᠠ᠃
ᠰᠤᠶᠤᠯ ᠤᠨ ᠪᠣᠳᠣᠯᠭ᠎ᠠ᠂ ᠦᠢᠯᠡ ᠠᠵᠢᠯᠯᠠᠭᠠᠨ ᠳᠤ᠄ ᠦᠨᠳᠦᠰᠦᠨ ᠦ ᠢᠵᠠᠭᠤᠷ ᠡᠷᠬᠡ ᠠᠰᠢᠭ ᠲᠤ ᠨᠡᠶᠢᠴᠡᠭᠰᠡᠨ ᠪᠠᠶᠢᠬᠤ᠂ ᠨᠢᠭᠡᠳᠦᠮᠡᠯ ᠴᠣᠭᠴᠠ᠂ ᠬᠠᠷᠢᠯᠴᠠᠨ ᠤᠶᠠᠯᠳᠤᠭ᠎ᠠ ᠲᠠᠢ᠂ ᠪᠦᠬᠦ ᠨᠡᠶᠢᠲᠡ ᠶᠢᠨ ᠣᠷᠣᠯᠴᠠᠭᠠᠨ ᠳᠤ ᠲᠤᠯᠭᠠᠭᠤᠷᠢᠯᠠᠭᠰᠠᠨ ᠪᠠᠶᠢᠬᠤ᠂ ᠲᠥᠷᠥ ᠶᠢᠨ ᠪᠣᠳᠣᠯᠭ᠎ᠠ ᠶᠢᠨ ᠵᠠᠯᠭᠠᠮᠵᠢ ᠴᠢᠨᠠᠷ ᠢ ᠬᠠᠳᠠᠭᠠᠯᠠᠬᠤ᠂ ᠰᠤᠳᠤᠯᠭ᠎ᠠ᠂ ᠰᠢᠨᠵᠢᠯᠡᠭᠡᠨ ᠳᠦ ᠦᠨᠳᠦᠰᠦᠯᠡᠭᠰᠡᠨ᠂ ᠳᠡᠪᠰᠢᠯᠲᠡᠲᠦ ᠲᠧᠭᠨᠢᠭ ᠲᠧᠭᠨᠣᠯᠣᠭᠢ᠂ ᠢᠨᠨᠤᠸᠠᠼ ᠲᠤ ᠲᠤᠯᠭᠠᠭᠤᠷᠢᠯᠠᠭᠰᠠᠨ ᠪᠠᠶᠢᠬᠤ᠂ ᠢᠯᠡ ᠲᠣᠳᠣ᠂ ᠨᠡᠭᠡᠭᠡᠯᠲᠡ ᠲᠡᠢ ᠪᠠᠶᠢᠬᠤ᠂ ᠲᠡᠭᠰᠢ᠂ ᠬᠦᠷᠲᠡᠭᠡᠮᠵᠢᠲᠡᠢ ᠪᠠᠶᠢᠬᠤ᠂ ᠰᠤᠶᠤᠯ ᠤᠨ ᠦᠢᠯᠡ ᠠᠵᠢᠯᠯᠠᠭᠠᠨ ᠤ ᠴᠢᠭᠯᠡᠯ᠂ ᠬᠡᠯᠪᠡᠷᠢ ᠶᠢ ᠬᠦᠨᠳᠡᠯᠡᠨ ᠦ ᠣᠷᠣᠯᠴᠠᠭ᠎ᠠ ᠦᠭᠡᠢ᠂ ᠴᠢᠯᠦᠭᠡᠲᠡᠢ ᠰᠤᠩᠭᠤᠬᠤ ᠵᠡᠷᠭᠡ ᠵᠠᠷᠴᠢᠮ ᠢ ᠪᠠᠷᠢᠮᠲᠠᠯᠠᠨ᠎ᠠ ᠬᠡᠮᠡᠨ  ᠵᠢᠭᠠᠵᠠᠢ᠃《ᠰᠤᠶᠤᠯ ᠤᠨ ᠲᠤᠬᠠᠢ ᠬᠠᠤᠯᠢ》 ᠨᠢ 8 ᠪᠦᠯᠦᠭ 40 ᠵᠦᠢᠯ ᠲᠡᠢ ᠪᠥᠭᠡᠳ ᠤᠭ ᠬᠠᠤᠯᠢ ᠶᠢ 2022 ᠣᠨ ᠤ ᠨᠢᠭᠡᠳᠦᠭᠡᠷ ᠰᠠᠷ᠎ᠠ ᠶᠢᠨ 1  ᠦ ᠡᠳᠦᠷ ᠡᠴᠡ ᠡᠬᠢᠯᠡᠨ ᠳᠠᠭᠠᠵᠤ ᠮᠥᠷᠳᠡᠨ᠎ᠡ᠃

ᠰᠡᠳᠬᠢᠭᠳᠡᠯ ᠦᠯᠡᠳᠡᠭᠡᠬᠦ