ᠬᠠᠰᠠᠭᠰᠲ᠋ᠠᠨ᠂ ᠮᠣᠩᠭᠣᠯ ᠤᠨ ᠬᠠᠮᠲᠤ ᠶᠢᠨ ᠠᠵᠢᠯᠯᠠᠭ᠎ᠠ  ᠴᠢᠨᠠᠭᠰᠢᠳᠠ ᠤᠯᠠᠮ ᠬᠥᠭᠵᠢᠬᠦ ᠪᠣᠯᠤᠯᠴᠠᠭ᠎ᠠ ᠳᠦᠭᠦᠷᠡᠩ ᠪᠠᠶᠢᠨ᠎ᠠ | News.MN

ᠬᠠᠰᠠᠭᠰᠲ᠋ᠠᠨ᠂ ᠮᠣᠩᠭᠣᠯ ᠤᠨ ᠬᠠᠮᠲᠤ ᠶᠢᠨ ᠠᠵᠢᠯᠯᠠᠭ᠎ᠠ  ᠴᠢᠨᠠᠭᠰᠢᠳᠠ ᠤᠯᠠᠮ ᠬᠥᠭᠵᠢᠬᠦ ᠪᠣᠯᠤᠯᠴᠠᠭ᠎ᠠ ᠳᠦᠭᠦᠷᠡᠩ ᠪᠠᠶᠢᠨ᠎ᠠ

ᠪᠦᠭᠦᠳᠡ ᠨᠠᠢᠷᠠᠮᠳᠠᠬᠤ ᠬᠠᠰᠠᠭᠰᠲ᠋ᠠᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠵ∙ᠠᠳᠢᠯᠪᠠᠶ᠋ᠸ ᠰᠢᠨ᠎ᠡ ᠵᠢᠯ ᠦᠨ ᠪᠠᠶᠠᠷ ᠢ ᠲᠣᠬᠢᠶᠠᠯᠳᠤᠭᠤᠯᠤᠨ ᠮᠡᠨᠳᠦᠴᠢᠯᠡᠭᠡ ᠳᠡᠪᠰᠢᠭᠦᠯᠵᠡᠢ᠃
ᠡᠷᠬᠢᠮ ᠨᠦᠬᠦᠳ ᠡ᠂ ᠮᠣᠩᠭᠣᠯ ᠤᠨ ᠨᠡᠶᠢᠲᠡ ᠠᠷᠠᠳ ᠲᠦᠮᠡᠨ ᠳᠦ ᠰᠢᠨ᠎ᠡ ᠵᠢᠯ ᠦᠨ ᠪᠠᠶᠠᠷ ᠤᠨ ᠮᠡᠨᠳᠦᠴᠢᠯᠡᠭᠡ ᠳᠡᠪᠰᠢᠭᠦᠯᠬᠦ ᠵᠠᠪᠰᠢᠶᠠᠨ ᠳᠠᠬᠢᠨ ᠲᠣᠬᠢᠶᠠᠵᠤ ᠪᠠᠢᠭ᠎ᠠ ᠳᠤ ᠭᠦᠨ᠎ᠡ ᠲᠠᠯᠠᠷᠬᠠᠵᠤ ᠪᠠᠶᠢᠨ᠎ᠠ᠃ 2021 ᠣᠨ ᠴᠠᠷ᠎ᠠ ᠲᠠᠬᠤᠯ ᠤᠨ ᠨᠥᠬᠥᠴᠡᠯ ᠪᠠᠶᠢᠳᠠᠯ ᠦᠷᠭᠦᠯᠵᠢᠯᠡᠭᠰᠡᠨ ᠠᠮᠠᠷ ᠦᠭᠡᠢ ᠵᠢᠯ ᠪᠠᠶᠢᠭᠰᠠᠨ ᠴᠤ ᠢᠷᠡᠬᠦ ᠣᠨ ᠳᠤ ᠳᠡᠯᠡᠬᠡᠢ ᠶᠢᠨ ᠡᠳ᠋  ᠦᠨ ᠵᠠᠰᠠᠭ ᠪᠣᠯᠤᠨ ᠰᠢᠨᠵᠢᠯᠡᠬᠦ ᠤᠬᠠᠭᠠᠨ ᠠᠶᠤᠯᠲᠤ ᠡᠪᠡᠳᠴᠢᠨ᠂ ᠬᠦᠨᠳᠦᠷᠡᠯ ᠪᠡᠷᠬᠡᠰᠢᠶᠡᠯ ᠢ ᠳᠠᠪᠠᠨ ᠲᠤᠭᠤᠯᠵᠤ᠂ ᠰᠢᠨ᠎ᠡ ᠡᠶᠡᠷᠭᠦ ᠥᠭᠡᠷᠡᠴᠢᠯᠡᠯᠲᠡ ᠨᠦᠭᠦᠳ ᠢ ᠪᠦᠲᠦᠭᠡᠨ᠎ᠡ ᠭᠡᠳᠡᠭ ᠲᠦ ᠢᠲᠡᠭᠡᠯ ᠳᠦᠭᠦᠷᠡᠩ ᠪᠠᠶᠢᠨ᠎ᠠ᠃
ᠴᠠᠷ᠎ᠠ ᠲᠠᠬᠤᠯ ᠤᠨ ᠬᠦᠨᠳᠦ ᠨᠥᠬᠥᠴᠡᠯ ᠪᠠᠶᠢᠳᠠᠯ ᠢ ᠳᠠᠪᠠᠨ ᠲᠤᠭᠤᠯᠵᠤ ᠪᠠᠶᠢᠭ᠎ᠠ ᠬᠡᠳᠦᠢ ᠴᠤ ᠬᠠᠰᠠᠭᠰᠲ᠋ᠠᠨ᠂ ᠮᠣᠩᠭᠣᠯ ᠬᠣᠭᠣᠷᠣᠨᠳᠣ ᠶᠢᠨ ᠬᠡᠯᠡᠯᠴᠡᠭᠡ ᠶᠢ ᠡᠷᠴᠢᠮᠲᠡᠢ ᠬᠥᠭᠵᠢᠭᠦᠯᠬᠦ ᠳᠦ ᠴᠢᠷᠮᠠᠶᠢᠨ ᠠᠵᠢᠯᠯᠠᠵᠤ ᠪᠠᠶᠢᠭ᠎ᠠ ᠪᠢᠯᠡ᠃ ᠬᠣᠶᠠᠷ ᠲᠠᠯᠠᠲᠤ ᠬᠠᠮᠲᠤ ᠶᠢᠨ ᠠᠵᠢᠯᠯᠠᠭ᠎ᠠ ᠲᠣᠭᠲᠠᠮᠠᠯ ᠪᠡᠬᠢᠵᠢᠵᠦ᠂ ᠡᠷᠬᠡ ᠵᠦᠢ ᠶᠢᠨ ᠣᠷᠴᠢᠨ ᠢ ᠰᠠᠶᠢᠵᠢᠷᠠᠭᠤᠯᠬᠤ ᠬᠦᠷᠢᠶᠡᠨ ᠳᠦ ᠠᠵᠢᠯ ᠬᠢᠭᠳᠡᠵᠦ᠂ ᠬᠤᠳᠠᠯᠳᠤᠭ᠎ᠠ ᠡᠳ᠋ ᠦᠨ ᠵᠠᠰᠠᠭ ᠤᠨ ᠪᠣᠯᠤᠨ ᠪᠤᠰᠤᠳ ᠲᠦᠪᠰᠢᠨ ᠦ ᠠᠯᠪᠠᠨ ᠬᠠᠷᠢᠯᠴᠠᠭ᠎ᠠ ᠤᠯᠠᠮ ᠢᠳᠡᠪᠬᠢᠵᠢᠵᠦ ᠪᠠᠶᠢᠨ᠎ᠠ᠃
ᠮᠠᠨ ᠤ ᠬᠣᠶᠠᠷ ᠣᠷᠣᠨ ᠮᠥᠨ ᠠᠷᠠᠳ ᠢᠷᠭᠡᠳ ᠦᠨ ᠨᠠᠶᠢᠷᠰᠠᠭ᠂ ᠰᠠᠶᠢᠨ ᠲᠦᠩᠰᠢᠯᠡᠯ ᠦᠨ ᠬᠠᠷᠢᠯᠴᠠᠭ᠎ᠠ ᠶᠢ ᠪᠢᠳᠡ ᠥᠨᠳᠥᠷ ᠢᠶᠡᠷ ᠦᠨᠡᠯᠡᠳᠡᠭ᠃ ᠬᠠᠰᠠᠭᠰᠲ᠋ᠠᠨ ᠪᠣᠯᠤᠨ ᠮᠣᠩᠭᠣᠯ ᠤᠨ ᠬᠤᠪᠢ ᠳᠤ ᠬᠠᠷᠢᠯᠴᠠᠨ ᠠᠰᠢᠭᠲᠠᠢ ᠬᠠᠮᠲᠤ ᠶᠢᠨ ᠠᠵᠢᠯᠯᠠᠭ᠎ᠠ ᠶᠢ ᠴᠢᠨᠠᠭᠰᠢᠳᠠ ᠤᠯᠠᠮ ᠬᠥᠭᠵᠢᠭᠦᠯᠬᠦ ᠪᠣᠯᠤᠯᠴᠠᠭ᠎ᠠ ᠨᠢ ᠳᠦᠭᠦᠷᠡᠩ ᠪᠠᠶᠢᠭ᠎ᠠ ᠶᠢ ᠳᠤᠷᠠᠳᠬᠤ ᠳᠤ ᠲᠠᠭᠠᠲᠠᠢ ᠪᠠᠶᠢᠨ᠎ᠠ᠃ ᠠᠶᠢᠯᠴᠢᠯᠠᠨ ᠢᠷᠡᠵᠦ ᠪᠤᠢ ᠰᠢᠨ᠎ᠡ ᠣᠨ ᠳᠤ ᠪᠠᠨ ᠲᠠ ᠪᠦᠬᠦᠨ ᠡᠷᠡᠭᠦᠯ ᠡᠩᠬᠡ᠂ ᠣᠯᠤᠯᠲᠠ ᠠᠮᠵᠢᠯᠲᠠ ᠪᠠᠷ ᠳᠦᠭᠦᠷᠡᠩ ᠪᠠᠶᠢᠵᠤ᠂ ᠶᠠᠭᠤ ᠰᠠᠨᠠᠭᠰᠠᠨ ᠶᠢᠰᠦᠨ ᠴᠠᠭᠠᠨ ᠬᠦᠰᠡᠯ ᠨᠢ ᠪᠡᠶᠡᠯᠡᠬᠦ ᠪᠣᠯᠲᠤᠭᠠᠢ ᠭᠡᠵᠦ ᠢᠷᠦᠭᠡᠶ᠎ᠡ᠃ ᠲᠠ ᠪᠦᠬᠦᠨ ᠳᠦ ᠰᠢᠨ᠎ᠡ ᠵᠢᠯ ᠦᠨ ᠪᠠᠶᠠᠷ ᠤᠨ ᠮᠡᠨᠳᠦ ᠬᠦᠷᠭᠡᠶ᠎ᠡ᠃

ᠰᠡᠳᠬᠢᠭᠳᠡᠯ ᠦᠯᠡᠳᠡᠭᠡᠬᠦ