ᠠᠮᠵᠢᠯᠲᠠ ᠭᠠᠷᠭᠠᠭᠰᠠᠨ ᠲᠠᠮᠢᠷᠴᠢᠳ ᠲᠤ ᠤᠷᠮᠠᠰᠢᠭᠤᠯᠤᠯ ᠣᠯᠭᠤᠪᠠ | News.MN

ᠠᠮᠵᠢᠯᠲᠠ ᠭᠠᠷᠭᠠᠭᠰᠠᠨ ᠲᠠᠮᠢᠷᠴᠢᠳ ᠲᠤ ᠤᠷᠮᠠᠰᠢᠭᠤᠯᠤᠯ ᠣᠯᠭᠤᠪᠠ

ᠳᠤᠮᠳᠠᠭᠤᠪᠢ ᠠᠶᠢᠮᠠᠭ ᠤᠨ ᠵᠠᠰᠠᠭ ᠳᠠᠷᠤᠭ᠎ᠠ ᠶᠢᠨ ᠵᠠᠬᠢᠷᠤᠮᠵᠢ ᠪᠠᠷ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ᠂ ᠤᠷᠤᠯᠳᠤᠭᠠᠨ ᠳᠤ ᠠᠮᠵᠢᠯᠲᠠ ᠭᠠᠷᠭᠠᠭᠰᠠᠨ ᠪᠠᠭ ᠲᠠᠮᠢᠷᠴᠢᠳ᠂ ᠪᠠᠭᠰᠢ ᠳᠠᠰᠬᠠᠯᠵᠢᠭᠤᠯᠤᠭᠴᠢᠳ ᠲᠤ ᠤᠷᠮᠠᠰᠢᠭᠤᠯᠤᠯ ᠣᠯᠭᠤᠵᠤ᠂ ᠱᠠᠩᠨᠠᠯ ᠢ ᠭᠠᠷᠳᠠᠭᠤᠯᠤᠯ᠎ᠠ᠃
ᠦᠨᠳᠦᠰᠦᠨ ᠦ ᠱᠠᠭ᠎ᠠ ᠶᠢᠨ ᠬᠠᠷᠪᠤᠭᠠᠨ ᠤ ᠤᠯᠤᠰ ᠤᠨ ᠠᠪᠤᠷᠭᠤ ᠰᠢᠯᠭᠠᠷᠠᠭᠤᠯᠬᠤ ᠭᠤᠴᠢᠨ ᠨᠢᠭᠡᠳᠡᠬᠢ ᠤᠳᠠᠭ᠎ᠠ ᠶᠢᠨ ᠲᠡᠮᠡᠴᠡᠭᠡᠨ ᠳᠦ ᠠᠮᠵᠢᠯᠲᠠᠲᠠᠢ ᠣᠷᠣᠯᠴᠠᠵᠤ᠂ ᠲᠡᠷᠢᠭᠦᠨ ᠪᠠᠶᠢᠷᠢ ᠡᠵᠡᠯᠡᠭᠰᠡᠨ ᠼ ∙ᠣᠳᠬᠣᠨᠪᠠᠶᠠᠷ ᠠᠬᠠᠯᠠᠭᠴᠢ ᠲᠠᠢ《ᠪᠦᠷᠢᠳᠦ》ᠪᠠᠭ ᠤᠨ ᠬᠠᠷᠪᠤᠭᠠᠴᠢᠳ ᠪᠣᠯᠤᠨ ᠤᠯᠤᠰ ᠤᠨ ᠠᠪᠤᠷᠭᠤ ᠰᠢᠯᠭᠠᠷᠠᠭᠤᠯᠬᠤ ᠦᠨᠳᠦᠰᠦᠨ ᠦ ᠰᠤᠷ ᠤᠨ ᠬᠠᠷᠪᠤᠭᠠᠨ ᠳᠤ ᠳᠡᠳ᠋ ᠪᠠᠶᠢᠷᠢ ᠡᠵᠡᠯᠡᠭᠰᠡᠨ ᠳ ∙ ᠠᠮᠠᠷᠠᠭᠴᠠ᠂ ᠪ ∙  ᠢᠰᠢᠶᠤᠨᠳᠤᠨᠨᠠᠷ ᠲᠤ ᠱᠠᠩᠨᠠᠯ ᠭᠠᠷᠳᠠᠭᠤᠯᠤᠯ᠎ᠠ᠃
ᠮᠥᠨ ᠡᠨᠡ ᠦᠶ᠎ᠡ ᠪᠡᠷ ᠪᠡᠶ᠎ᠡ ᠶᠢᠨ ᠲᠠᠮᠢᠷ᠂ ᠰᠫᠣᠷᠲ ᠤᠨ ᠤᠯᠤᠰ ᠤᠨ ᠬᠣᠷᠢᠶᠠᠨ ᠠᠴᠠ ᠰᠤᠷ ᠤᠨ ᠰᠫᠣᠷᠲ ᠤᠨ ᠮᠠᠰᠲ᠋ᠸᠷ ᠤᠨ ᠪᠣᠯᠵᠣᠯ ᠬᠠᠩᠭᠠᠭᠰᠠᠨ ᠵ∙ᠨᠠᠷᠠᠨᠭᠠᠷᠪᠣ ᠳᠤ ᠲᠡᠮᠳᠡᠭ᠂ ᠦᠨᠡᠮᠯᠡᠬᠦ ᠶᠢ ᠭᠠᠷᠳᠠᠭᠤᠯᠵᠠᠢ᠃ ᠲᠡᠭᠦᠨᠴᠢᠯᠡᠨ ᠣᠯᠢᠮᠫ ᠤᠨ ᠲᠸᠺᠤᠨᠳᠤᠤ ᠶᠢᠨ ᠥᠰᠪᠦᠷᠢ ᠵᠠᠯᠠᠭᠤᠴᠤᠳ ᠤᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠠᠮᠵᠢᠯᠲᠠᠲᠠᠢ ᠣᠷᠣᠯᠴᠠᠵᠤ᠂ ᠨᠢᠭᠡᠳᠦᠭᠡᠷ ᠪᠠᠶᠢᠷᠢ ᠡᠵᠡᠯᠡᠭᠰᠡᠨ ᠮ∙ᠨᠠᠰᠤᠨᠳᠡᠯᠭᠡᠷ᠂ ᠬᠣᠶᠠᠳᠤᠭᠠᠷ ᠪᠠᠶᠢᠷᠢ ᠡᠵᠡᠯᠡᠭᠰᠡᠨ ᠣ᠊ ∙ ᠠᠵᠠᠪᠠᠶᠠᠷ᠂ ᠪ∙ᠳᠣᠷᠵᠢᠰᠠᠮᠪᠤᠤ᠂ ᠼ ∙ ᠮᠠᠷᠠᠯ-ᠡᠷᠳᠡᠨᠢ᠂ 3 ᠳ᠋ᠤᠭᠠᠷ ᠪᠠᠶᠢᠷᠢ ᠡᠵᠡᠯᠡᠭᠰᠡᠨ ᠮ∙ᠪᠠᠶᠠᠷᠵᠢᠪᠬᠤᠯᠠᠩ᠂ ᠼ∙ᠮᠦᠩᠭᠦᠨᠳᠠᠯᠢ᠂ ᠨᠠᠰᠤᠨ ᠳᠤ ᠬᠦᠷᠦᠭᠰᠡᠳ ᠦᠨ ᠲᠡᠮᠡᠴᠡᠭᠡᠨ ᠳᠦ 3 ᠳ᠋ᠤᠭᠠᠷ ᠪᠠᠶᠢᠷᠢ ᠡᠵᠡᠯᠡᠭᠰᠡᠨ ᠠ᠊∙ᠠᠵᠠᠵᠢᠷᠭᠠᠯ᠂ ᠠ᠊∙ᠤᠤᠭᠠᠨᠴᠡᠷᠡᠩ ᠪᠣᠯᠤᠨ ᠳᠠᠰᠬᠠᠯᠵᠢᠭᠤᠯᠤᠭᠴᠢ ᠼ∙ᠣᠳᠬᠣᠨᠴᠢᠯᠠᠭᠤᠨ ᠨᠠᠷ ᠲᠤᠤᠷᠮᠠᠰᠢᠭᠤᠯᠤᠯ ᠣᠯᠭᠤᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ