13 ᠦᠢᠯᠡᠳᠪᠦᠷᠢ ᠬᠢᠲᠠᠳ ᠲᠤ ᠭᠤᠯᠢᠷ ᠡᠺᠰᠫᠣᠷᠲᠯᠠᠬᠤ ᠡᠷᠬᠡ ᠲᠡᠢ ᠪᠣᠯᠵᠠᠢ | News.MN

13 ᠦᠢᠯᠡᠳᠪᠦᠷᠢ ᠬᠢᠲᠠᠳ ᠲᠤ ᠭᠤᠯᠢᠷ ᠡᠺᠰᠫᠣᠷᠲᠯᠠᠬᠤ ᠡᠷᠬᠡ ᠲᠡᠢ ᠪᠣᠯᠵᠠᠢ

ᠬᠦᠳᠡᠭᠡ ᠠᠵᠤ ᠠᠬᠤᠢ ᠬᠦᠩᠭᠡᠨ ᠦᠢᠯᠡᠳᠪᠤᠷᠢ ᠶᠢᠨ ᠶᠠᠮᠤᠨ ᠤ ᠰᠠᠶᠢᠳ ᠽ∙ᠮᠡᠨᠳᠦᠰᠠᠶᠢᠬᠠᠨ ᠴᠠᠬᠢᠮ ᠬᠠᠭᠤᠳᠠᠰᠤ ᠳᠤ ᠪᠠᠨ᠄ ᠪᠢᠳᠡ ᠥᠩᠭᠡᠷᠡᠭᠰᠡᠨ ᠵᠢᠯ ᠬᠡᠳᠦ ᠬᠡᠳᠦᠨ ᠤᠳᠠᠭ᠎ᠠ ᠶᠢᠨ ᠠᠭᠤᠯᠵᠠᠯᠲᠠ ᠶᠢ ᠬᠢᠲᠠᠳ ᠲᠠᠢ ᠠᠮᠵᠢᠯᠲᠠ ᠲᠠᠢ ᠬᠢᠭᠰᠡᠨ ᠦ ᠦᠷ᠎ᠡ ᠳ᠋ᠦᠩ ᠳᠦ ᠮᠣᠩᠭᠣᠯ ᠤᠯᠤᠰ ᠬᠡᠷᠡᠭᠴᠡᠭᠡᠨ ᠡᠴᠡ ᠪᠡᠨ ᠢᠯᠡᠭᠦᠦ ᠭᠠᠷᠤᠭᠰᠠᠨ ᠤᠯᠠᠭᠠᠨ ᠪᠤᠭᠤᠳᠠᠢ ᠶᠢ ᠤᠷᠳᠤ ᠬᠥᠷᠰᠢ ᠳᠦ ᠪᠡᠨ ᠡᠺᠰᠫᠣᠷᠲᠯᠠᠬᠤ ᠪᠣᠯᠤᠮᠵᠢ ᠨᠡᠭᠡᠭᠡᠭᠳᠡᠯ᠎ᠡ ᠭᠡᠪᠡ᠃

ᠮᠠᠨ ᠤ ᠤᠯᠤᠰ ᠤᠨ ᠤᠯᠠᠭᠠᠨ ᠪᠤᠭᠤᠳᠠᠢ ᠶᠢᠨ ᠳᠣᠲᠣᠭᠠᠳᠤ ᠶᠢᠨ ᠬᠡᠷᠡᠭᠴᠡᠭᠡ ᠵᠢᠯ ᠳᠦ ᠳᠤᠮᠳᠠᠴᠢ ᠪᠠᠷ 280 ᠮᠢᠩᠭᠠᠨ ᠲᠣᠨ ᠪᠠᠶᠢᠳᠠᠭ ᠪᠥᠭᠡᠳ ᠡᠨᠡ ᠵᠢᠯ ᠦᠨ ᠬᠤᠪᠢ ᠳᠤ 60 ᠮᠢᠩᠭᠠᠨ ᠲᠣᠨ ᠢᠯᠡᠭᠦᠦ ᠤᠯᠠᠭᠠᠨᠪᠤᠭᠤᠳᠠᠢ ᠬᠤᠷᠢᠶᠠᠨ ᠠᠪᠤᠭᠠᠳ ᠪᠠᠶᠢᠭ᠎ᠠ ᠶᠤᠮ᠃ 60 ᠮᠢᠩᠭᠠᠨ ᠲᠣᠨ ᠤᠯᠠᠭᠠᠨ ᠪᠤᠭᠤᠳᠠᠢ ᠪᠠᠷ 40-50 ᠮᠢᠩᠭᠠᠨ ᠲᠣᠨ ᠭᠤᠯᠢᠷ ᠦᠢᠯᠡᠳᠪᠦᠷᠢᠯᠡᠬᠦ ᠪᠣᠯᠤᠮᠵᠢ ᠲᠠᠢ ᠶᠤᠮ ᠪᠠᠶᠢᠨ᠎ᠠ᠃ ᠭᠤᠯᠢᠷ ᠤᠨ ᠦᠢᠯᠡᠳᠪᠦᠷᠢ ᠨᠦᠭᠦᠳ ᠵᠢᠯ ᠳᠦ ᠪᠡᠨ ᠨᠢᠭᠡ ᠰᠠᠶ᠎ᠠ ᠣᠷᠴᠢᠮ ᠲᠣᠨ ᠤᠯᠠᠭᠠᠨ ᠪᠤᠭᠤᠳᠠᠢ ᠲᠡᠭᠡᠷᠮᠡᠳᠡᠬᠦ ᠬᠦᠴᠦᠨ ᠴᠢᠳᠠᠯ ᠲᠠᠢ᠃ ᠲᠡᠶᠢᠮᠦ ᠡᠴᠡ ᠤᠯᠠᠭᠠᠨ ᠪᠤᠭᠤᠳᠠᠢ ᠶᠢᠨ ᠲᠠᠷᠢᠶᠠᠯᠠᠯᠲᠠ ᠪᠠᠨ ᠨᠡᠮᠡᠭᠳᠡᠭᠦᠯᠦᠨ ᠢᠷᠡᠬᠦ ᠳᠥᠷᠪᠡᠨ ᠵᠢᠯ ᠳᠦ ᠭᠤᠯᠢᠷ ᠤᠨ ᠡᠺᠰᠫᠣᠷᠲ ᠠᠴᠠ ᠲᠣᠳᠣᠷᠬᠠᠢ ᠬᠡᠮᠵᠢᠶᠡᠨ ᠦ ᠣᠷᠣᠯᠭ᠎ᠠ ᠣᠯᠤᠨ᠎ᠠ ᠭᠡᠵᠦ ᠲᠣᠭᠠᠴᠠᠵᠤ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ