ᠤᠳᠤᠮ ᠤᠨ ᠰᠠᠩ ᠤᠨ ᠠᠶᠤᠯᠭᠦᠢ ᠪᠠᠶᠢᠳᠠᠯ ᠢ ᠬᠠᠮᠠᠭᠠᠯᠠᠬᠤ ᠠᠰᠠᠭᠤᠳᠠᠯ ᠢ ᠬᠡᠯᠡᠯᠴᠡᠯ᠎ᠡ | News.MN

ᠤᠳᠤᠮ ᠤᠨ ᠰᠠᠩ ᠤᠨ ᠠᠶᠤᠯᠭᠦᠢ ᠪᠠᠶᠢᠳᠠᠯ ᠢ ᠬᠠᠮᠠᠭᠠᠯᠠᠬᠤ ᠠᠰᠠᠭᠤᠳᠠᠯ ᠢ ᠬᠡᠯᠡᠯᠴᠡᠯ᠎ᠡ

ᠤᠯᠤᠰ ᠤᠨ ᠶᠡᠬᠡ ᠬᠤᠷᠠᠯ ᠤᠨ ᠨᠡᠶᠢᠭᠡᠮ ᠤᠨ ᠪᠣᠳᠣᠯᠭ᠎ᠠ ᠶᠢᠨ ᠪᠠᠶᠢᠩᠭᠤ ᠶᠢᠨ ᠬᠣᠷᠢᠶᠠᠨ ᠤ ᠥᠨᠥᠳᠥᠷ ᠦᠨ ᠬᠤᠷᠠᠯᠳᠤᠭᠠᠨ ᠢᠶᠠᠷ ᠮᠣᠩᠭᠣᠯ ᠬᠦᠮᠦᠨ ᠦ ᠤᠳᠤᠮ ᠤᠨ ᠰᠠᠩ ᠤᠨ ᠠᠶᠤᠯᠭᠦᠢ ᠪᠠᠶᠢᠳᠠᠯ ᠢ ᠬᠠᠮᠠᠭᠠᠯᠠᠬᠤ᠂ ᠬᠦᠮᠦᠨ ᠠᠮᠠ ᠶᠢᠨ ᠥᠰᠦᠯᠲᠡ ᠶᠢ ᠳᠡᠮᠵᠢᠬᠦ ᠲᠠᠯ᠎ᠠ ᠪᠠᠷ ᠠᠪᠬᠤ ᠠᠷᠭ᠎ᠠ ᠬᠡᠮᠵᠢᠶᠡᠨ ᠦ ᠲᠤᠬᠠᠢ ᠲᠣᠭᠲᠠᠭᠠᠯ ᠤᠨ ᠲᠥᠰᠥᠯ ᠦᠨ ᠠᠩᠬᠠᠨ ᠤ ᠬᠡᠯᠡᠯᠴᠡᠭᠦᠯᠭᠡ ᠶᠢ ᠬᠢᠯ᠎ᠡ᠃

ᠪ᠂ ᠪᠸᠢᠢᠰᠸᠨ᠄ ᠮᠣᠩᠭᠣᠯ ᠬᠦᠮᠦᠨ ᠦ ᠤᠳᠤᠮ ᠤᠨ ᠰᠠᠩ ᠢ ᠬᠠᠮᠠᠭᠠᠯᠠᠬᠤ ᠲᠠᠯ᠎ᠠ ᠪᠠᠷ ᠣᠳᠣ ᠬᠡᠷᠡᠭᠵᠢᠵᠦ ᠪᠠᠶᠢᠭ᠎ᠠ ᠲᠥᠰᠥᠯ ᠬᠥᠲᠥᠯᠪᠦᠷᠢ ᠪᠠᠶᠢᠨ᠎ᠠ ᠤᠤ᠂ ᠤᠳᠤᠮ ᠤᠨ ᠰᠠᠩ ᠤᠨ ᠠᠶᠤᠯᠭᠦᠢ ᠪᠠᠶᠢᠳᠠᠯ ᠤᠨ ᠠᠰᠠᠭᠤᠳᠠᠯ᠂ ᠲᠡᠷᠡ ᠳᠤᠮᠳᠠ ᠪᠠᠨ ᠴᠢᠰᠤ ᠣᠶᠢᠷᠠᠲᠤᠯᠲᠠ ᠶᠢᠨ ᠠᠰᠠᠭᠤᠳᠠᠯ ᠢᠶᠠᠷ ᠲᠣᠳᠣᠷᠬᠠᠢ ᠠᠵᠢᠯ ᠬᠢᠵᠦ ᠪᠠᠶᠢᠭ᠎ᠠ ᠤᠤ᠃ ᠮᠣᠩᠭᠣᠯ ᠬᠦᠮᠦᠨ ᠦ ᠤᠳᠤᠮ ᠤᠨ ᠰᠠᠩ ᠢ ᠬᠠᠮᠠᠭᠠᠯᠠᠬᠤ ᠶᠢᠨ ᠲᠤᠯᠠᠳᠠ ᠭᠧᠨᠧᠲ᠋ᠢᠭ ᠤᠨ ᠰᠤᠳᠤᠯᠭᠠᠨ ᠤ  ᠲᠤᠷᠰᠢᠯᠲᠠ ᠶᠢᠨ ᠲᠠᠰᠤᠭ ᠪᠠᠶᠢᠭᠤᠯᠵᠤ᠂ ᠾᠷᠣᠮᠰᠣᠮ ᠤᠨ ᠬᠡᠮᠵᠢᠶᠡᠨ ᠳᠦ ᠰᠤᠳᠤᠯᠬᠤ ᠨᠢ ᠴᠢᠬᠤᠯᠠ᠃
ᠴ᠂ ᠲᠤᠪᠠᠨ᠄ ᠬᠣᠶᠠᠷ ᠬᠥᠷᠰᠢ ᠣᠷᠣᠨ ᠬᠦᠮᠦᠨ ᠠᠮᠠ ᠪᠠᠨ ᠥᠰᠬᠡᠬᠦ ᠪᠣᠳᠣᠯᠭ᠎ᠠ ᠲᠠᠯᠪᠢᠵᠤ ᠪᠠᠶᠢᠨ᠎ᠠ᠃ ᠡᠨᠡ ᠠᠰᠠᠭᠤᠳᠠᠯ ᠳᠡᠯᠡᠬᠡᠢ ᠶᠢᠨ ᠪᠤᠰᠤᠳ ᠤᠯᠤᠰ ᠤᠳ ᠲᠤ ᠮᠥᠨ ᠨᠢᠭᠡ ᠨᠣᠮᠧᠷ ᠤᠨ ᠠᠰᠠᠭᠤᠳᠠᠯ ᠪᠣᠯᠤᠭᠰᠠᠨ᠃ ᠡᠯ᠎ᠡ ᠴᠠᠭ ᠦᠶ᠎ᠡ ᠳᠦ ᠮᠣᠩᠭᠣᠯ ᠬᠦᠮᠦᠨ ᠦ ᠤᠳᠤᠮ ᠤᠨ ᠰᠠᠩ ᠤᠨ ᠠᠶᠤᠯᠭᠦᠢ ᠪᠠᠶᠢᠳᠠᠯ ᠢ ᠬᠠᠮᠠᠭᠠᠯᠠᠬᠤ᠂ ᠬᠦᠮᠦᠨ ᠠᠮᠠ ᠶᠢᠨ ᠥᠰᠦᠯᠲᠡ ᠶᠢ ᠳᠡᠮᠵᠢᠬᠦ ᠠᠰᠠᠭᠤᠳᠠᠯ ᠢ ᠬᠡᠯᠡᠯᠴᠡᠵᠦ ᠪᠠᠶᠢᠭ᠎ᠠ ᠨᠢ ᠴᠢᠬᠤᠯᠠ᠃ ᠤᠷᠤᠭ ᠤᠨ ᠪᠢᠴᠢᠭ ᠢ ᠴᠢᠨᠠᠭᠰᠢᠳᠠ ᠬᠥᠲᠥᠯᠳᠡᠭ ᠪᠣᠯᠬᠤ ᠲᠠᠯ᠎ᠠ ᠪᠠᠷ ᠶᠡᠷᠦᠩᠬᠡᠶᠢᠯᠡᠭᠴᠢ᠂ ᠤᠯᠤᠰ ᠤᠨ ᠶᠡᠬᠡ ᠬᠤᠷᠠᠯ ᠤᠨ ᠳᠠᠷᠤᠭ᠎ᠠ᠂ ᠶᠡᠷᠦᠩᠬᠡᠢ ᠰᠠᠶᠢᠳ ᠮᠠᠩᠯᠠᠶᠢᠯᠠᠨ ᠶᠠᠪᠤᠬᠤ ᠨᠢ ᠵᠥᠪ᠃ ᠤᠷᠤᠭ ᠪᠠᠶᠢᠬᠤ ᠦᠶ᠎ᠡ ᠳᠦ ᠨᠢ ᠤᠳᠤᠮᠰᠢᠯ ᠤᠨ ᠡᠪᠡᠳᠴᠢᠲᠡᠢ ᠡᠰᠡᠬᠦ ᠶᠢ ᠨᠠᠷᠢᠪᠴᠢᠯᠠᠨ ᠣᠨᠣᠰᠢᠯᠠᠬᠤ ᠪᠣᠯᠤᠮᠵᠢ ᠶᠢ ᠨᠡᠭᠡᠭᠡᠯᠲᠡ ᠲᠡᠢ ᠪᠣᠯᠭᠠᠬᠤ ᠬᠡᠷᠡᠭᠲᠡᠢ᠃ ᠮᠥᠨ ᠬᠥᠳᠡᠭᠡ ᠳᠦ ᠵᠠᠯᠠᠭᠤ ᠭᠡᠷ ᠪᠦᠯᠢ ᠶᠢᠨ᠂ ᠢᠯᠠᠩᠭᠤᠶ᠎ᠠ ᠵᠠᠯᠠᠭᠤ ᠡᠮᠡᠭᠲᠡᠶᠢᠴᠦᠳ ᠦᠨ ᠠᠮᠢᠳᠤᠷᠠᠬᠤ ᠨᠥᠬᠥᠴᠡᠯ ᠢ ᠰᠠᠶᠢᠵᠢᠷᠠᠭᠤᠯᠬᠤ ᠲᠠᠯ᠎ᠠ ᠪᠠᠷ ᠲᠣᠭᠲᠠᠭᠠᠯ ᠤᠨ ᠲᠥᠰᠥᠯ ᠳᠦ ᠪᠡᠨ ᠲᠤᠰᠬᠠᠬᠤ ᠨᠢ ᠵᠥᠪ᠃

ᠰᠡᠳᠬᠢᠭᠳᠡᠯ ᠦᠯᠡᠳᠡᠭᠡᠬᠦ