ᠮᠠᠯ ᠤᠨ ᠡᠷᠡᠭᠦᠯ ᠮᠡᠨᠳᠦ ᠮᠠᠰᠢ ᠬᠦᠨᠳᠦ ᠪᠠᠶᠢᠳᠠᠯ ᠳᠤ ᠣᠷᠣᠯ᠎ᠠ | News.MN

ᠮᠠᠯ ᠤᠨ ᠡᠷᠡᠭᠦᠯ ᠮᠡᠨᠳᠦ ᠮᠠᠰᠢ ᠬᠦᠨᠳᠦ ᠪᠠᠶᠢᠳᠠᠯ ᠳᠤ ᠣᠷᠣᠯ᠎ᠠ

ᠤᠯᠤᠰ ᠤᠨ ᠶᠡᠬᠡ ᠬᠤᠷᠠᠯ ᠤᠨ ᠴᠢᠭᠤᠯᠭᠠᠨ ᠳᠡᠭᠡᠷ᠎ᠡ 2021 ᠣᠨ ᠤ ᠮᠠᠯ᠂ ᠲᠡᠵᠢᠭᠡᠪᠦᠷᠢ ᠠᠮᠢᠲᠠᠳ᠂ ᠬᠠᠰᠢᠶ᠎ᠠ ᠬᠤᠳᠳᠤᠭ ᠤᠨ ᠲᠣᠭᠠᠯᠠᠯᠭ᠎ᠠ ᠶᠢᠨ ᠤᠷᠢᠳᠴᠢᠯᠠᠭᠰᠠᠨ ᠳ᠋ᠦᠩ ᠦᠨ ᠲᠠᠯᠠᠭᠠᠷᠬᠢ ᠦᠨᠳᠦᠰᠦᠨ ᠦ ᠰᠲ᠋ᠠᠲ᠋ᠢᠰᠲ᠋ᠢᠺ ᠤᠨ ᠬᠤᠷᠢᠶᠠᠨ ᠤ ᠮᠡᠳᠡᠭᠡᠯᠡᠯ ᠢ ᠲᠠᠨᠢᠯᠴᠠᠭᠤᠯᠤᠯ᠎ᠠ᠃ ᠡᠨᠡ ᠦᠶ᠎ᠡ ᠪᠡᠷ ᠦᠭᠡ ᠬᠡᠯᠡᠭᠰᠡᠨ ᠭᠡᠰᠢᠭᠦᠳ ᠦᠨ 80% ᠨᠢ ᠮᠠᠯ ᠤᠨ ᠲᠣᠭ᠎ᠠ ᠶᠢ ᠰᠣᠨᠣᠰᠤᠭᠠᠳ ᠥᠩᠭᠡᠷᠡᠬᠦ ᠪᠢᠰᠢ ᠪᠣᠳᠣᠯᠭ᠎ᠠ ᠶᠠᠷᠢᠵᠤ᠂ ᠮᠠᠯ ᠤᠨ ᠡᠷᠡᠭᠦᠯ ᠮᠡᠨᠳᠦ ᠳᠦ ᠠᠩᠬᠠᠷᠬᠤ ᠱᠠᠭᠠᠷᠳᠠᠯᠭ᠎ᠠ ᠲᠠᠢ ᠪᠠᠶᠢᠭ᠎ᠠ ᠲᠠᠯ᠎ᠠ ᠪᠠᠷ ᠬᠥᠨᠳᠡᠭᠰᠡᠨ᠃

ᠤᠯᠤᠰ ᠤᠨ ᠶᠡᠬᠡ ᠬᠤᠷᠠᠯ ᠤᠨ ᠳᠠᠷᠤᠭ᠎ᠠ ᠭ ∙ᠽᠠᠨᠳᠠᠨᠰᠢᠲᠠᠷ᠎ᠠ ᠬᠦᠳᠡᠭᠡ ᠠᠵᠤ ᠠᠬᠤᠢ ᠶᠢᠨ ᠰᠠᠯᠪᠤᠷᠢ ᠶᠢᠨ ᠬᠢᠨ ᠳᠦ ᠬᠠᠨᠳᠤᠵᠤ᠄ ᠮᠠᠯ ᠤᠨ ᠲᠣᠭ᠎ᠠ ᠲᠣᠯᠣᠭᠠᠢ ᠥᠰᠴᠦ ᠪᠠᠶᠢᠭ᠎ᠠ ᠴᠤ ᠮᠠᠯ ᠤᠨ ᠭᠠᠷᠤᠯ ᠲᠠᠢ ᠲᠦᠭᠦᠬᠡᠢ ᠡᠳ᠋ ᠪᠦᠲᠦᠭᠡᠭᠳᠡᠬᠦᠨ  ᠤ ᠦᠢᠯᠡᠳᠪᠦᠷᠢᠯᠡᠯ ᠶᠠᠮᠠᠷ ᠱᠠᠲᠤᠨ ᠳᠤ ᠪᠠᠶᠢᠨ᠎ᠠ ᠪᠤᠢ᠂ ᠨᠤᠯᠤᠤᠷ ᠢᠶᠠᠨ ᠰᠠᠮᠨᠠᠭᠠᠳ ᠯᠠ ᠭᠠᠷᠭᠠᠵᠤ ᠪᠠᠶᠢᠨ᠎ᠠ᠃ ᠮᠢᠬ᠎ᠠ᠂ ᠮᠢᠬ᠎ᠠ ᠪᠡᠯᠡᠳᠬᠡᠯ ᠦᠨ ᠠᠰᠠᠭᠤᠳᠠᠯ ᠪᠠᠶᠢᠨ᠎ᠠ᠃ ᠮᠠᠯ ᠤᠨ ᠡᠷᠡᠭᠦᠯ ᠮᠡᠨᠳᠦ ᠮᠠᠰᠢ ᠬᠦᠨᠳᠦ ᠪᠠᠶᠢᠳᠠᠯ ᠳᠤ ᠣᠷᠣᠯ᠎ᠠ᠃ ᠺᠤᠷᠤᠨᠠ ᠡᠴᠡ ᠳᠤᠲᠠᠬᠤ ᠦᠭᠡᠢ ᠡᠷᠡᠰᠳᠡᠯ ᠲᠡᠢ᠂ ᠬᠥᠷᠦᠰᠦᠨ ᠳᠦ ᠬᠦᠷᠲᠡᠯ᠎ᠡ ᠬᠠᠳᠠᠭᠠᠯᠠᠭᠳᠠᠳᠠᠭ ᠭᠣᠴᠣ ᠬᠠᠯᠳᠠᠪᠤᠷᠢᠲᠤ ᠡᠪᠡᠳᠴᠢᠨ ᠨᠦᠭᠦᠳ ᠢᠡᠷᠡᠭᠦᠯ ᠪᠥᠰᠡ ᠤᠷᠤᠭᠤ ᠲᠠ ᠨᠠᠷ ᠠᠯᠳᠠᠯ᠎ᠠ᠃ ᠸᠠᠺᠼᠢᠨᠵᠢᠭᠤᠯᠤᠯᠲᠠ ᠴᠢᠨᠠᠷ ᠦᠭᠡᠢ ᠪᠠᠶᠢᠨ᠎ᠠ᠃ ᠬᠠᠳᠠᠭᠠᠯᠠᠯᠲᠠ᠂ ᠬᠠᠮᠠᠭᠠᠯᠠᠯᠲᠠ ᠮᠠᠰᠢ ᠮᠠᠭᠤ ᠪᠠᠶᠢᠨ᠎ᠠ᠃ ᠲᠡᠭᠡᠭᠡᠪᠦᠷᠢᠯᠡᠯᠲᠡ᠂ ᠲᠠᠷᠢᠯᠭ᠎ᠠ ᠬᠠᠩᠭᠠᠯᠲᠠ ᠦᠭᠡᠢ᠃

ᠮᠠᠯ᠂ ᠮᠢᠬ᠎ᠠ ᠡᠷᠡᠭᠦᠯ ᠪᠠᠶᠢᠵᠤ᠂ ᠮᠣᠩᠭᠣᠯ ᠬᠦᠮᠦᠨ ᠡᠷᠡᠭᠦᠯ ᠪᠠᠶᠢᠨ᠎ᠠ᠂ ᠮᠢᠬ᠎ᠠ ᠪᠠᠨ ᠡᠺᠰᠫᠣᠷᠲ ᠲᠤ ᠭᠠᠷᠭᠠᠨ᠎ᠠ᠃︽ᠮᠠᠯ ᠤᠨ ᠡᠷᠡᠭᠦᠯ ᠮᠡᠨᠳᠦ ᠶᠢᠨ ᠲᠤᠬᠠᠢ︾ᠬᠠᠤᠯᠢ ᠶᠢᠨ ᠬᠡᠷᠡᠭᠵᠢᠯᠲᠡ ᠮᠠᠰᠢ ᠮᠠᠭᠤ᠃ ᠮᠠᠯᠴᠢᠳ ᠤᠨ ᠲᠠᠯ᠎ᠠ ᠪᠠᠷ ᠲᠥᠷᠥ ᠡᠴᠡ ᠪᠠᠷᠢᠮᠲᠠᠯᠠᠬᠤ ᠪᠣᠳᠣᠯᠭ᠎ᠠ ᠪᠠᠲᠤᠯᠠᠭᠰᠠᠨ᠃ ᠬᠡᠷᠡᠭᠵᠢᠯᠲᠡ ᠮᠥᠨ ᠬᠠᠩᠭᠠᠯᠲᠠ ᠦᠭᠡᠢ᠃ ᠲᠡᠶᠢᠮᠦ ᠡᠴᠡ ᠡᠨᠡ ᠪᠦᠬᠦᠨ ᠢ ᠤᠶᠠᠯᠳᠤᠭᠤᠯᠵᠤ ᠮᠠᠯ ᠠᠵᠤ ᠠᠬᠤᠢ ᠶᠢᠨ ᠲᠠᠯ᠎ᠠ ᠪᠠᠷ ᠪᠠᠷᠢᠮᠲᠠᠯᠠᠬᠤ ᠪᠤᠳᠤᠯᠭ᠎ᠠ ᠶᠢ ᠪᠣᠯᠪᠠᠰᠤᠷᠠᠭᠤᠯᠤᠭᠠᠳ ᠲᠠᠨᠢᠯᠴᠠᠭᠤᠯᠬᠤ ᠶᠢ ᠴᠢᠭᠯᠡᠯ ᠪᠣᠯᠭᠠᠵᠤ ᠪᠠᠶᠢᠨ᠎ᠠ ᠭᠡᠯ᠎ᠡ᠃

ᠰᠡᠳᠬᠢᠭᠳᠡᠯ ᠦᠯᠡᠳᠡᠭᠡᠬᠦ