ᠮᠣᠩᠭᠣᠯ ᠤᠯᠤᠰ  ᠤᠨ ᠡᠺᠰᠫᠣᠷᠲ ᠤᠨ 81% ᠨᠢ ᠡᠷᠦᠳᠡᠰᠦ ᠪᠦᠲᠦᠭᠡᠭᠳᠡᠬᠦᠨ ᠪᠠᠶᠢᠪᠠ | News.MN

ᠮᠣᠩᠭᠣᠯ ᠤᠯᠤᠰ  ᠤᠨ ᠡᠺᠰᠫᠣᠷᠲ ᠤᠨ 81% ᠨᠢ ᠡᠷᠦᠳᠡᠰᠦ ᠪᠦᠲᠦᠭᠡᠭᠳᠡᠬᠦᠨ ᠪᠠᠶᠢᠪᠠ

ᠮᠣᠩᠭᠣᠯ ᠤᠯᠤᠰ ᠤᠨ 2021 ᠣᠨ ᠤ ᠭᠠᠳᠠᠭᠠᠳᠤ ᠬᠤᠳᠠᠯᠳᠤᠭᠠᠨ ᠤ ᠤᠷᠢᠳᠴᠢᠯᠠᠭᠰᠠᠨ ᠭᠦᠢᠴᠡᠳᠬᠡᠯ ᠢ ᠭᠠᠶᠢᠯᠢ ᠶᠢᠨ ᠶᠡᠷᠦᠩᠬᠡᠢ ᠭᠠᠵᠠᠷ ᠠᠴᠠ ᠲᠠᠨᠢᠯᠴᠠᠭᠤᠯᠤᠯ᠎ᠠ᠃ ᠥᠩᠭᠡᠷᠡᠭᠰᠡᠨ ᠣᠨ ᠳᠤ ᠮᠠᠨ ᠤ ᠤᠯᠤᠰ ᠤᠨ ᠪᠠᠷᠠᠭ᠎ᠠ ᠡᠷᠭᠢᠯᠲᠡ 16 ᠲᠡᠷᠪᠤᠮ ᠳ᠋ᠣᠯᠯᠠᠷ ᠲᠤ ᠬᠦᠷᠦᠭᠰᠡᠨ ᠨᠢ 2020 ᠣᠨ ᠤ ᠬᠢ ᠠᠴᠠ 25% ᠥᠰᠴᠦ᠂ ᠬᠤᠳᠠᠯᠳᠤᠭᠠᠨ ᠤ ᠲᠡᠩᠴᠡᠯ 2.4 ᠲᠡᠷᠪᠤᠮ ᠳ᠋ᠣᠯᠯᠠᠷ ᠤᠨ ᠠᠰᠢᠭ ᠲᠠᠢ ᠭᠠᠷᠪᠠ᠃ ᠡᠺᠰᠫᠣᠷᠲ 9.3 ᠲᠡᠷᠪᠤᠮ ᠳ᠋ᠣᠯᠯᠠᠷ ᠲᠤ ᠬᠦᠷᠴᠦ 22%᠂ ᠢᠮᠫᠣᠷᠲ 6.9 ᠲᠡᠷᠪᠤᠮ ᠳ᠋ᠣᠯᠯᠠᠷ ᠪᠣᠯᠵᠤ᠂ 29% ᠲᠤᠰ ᠲᠤᠰ ᠥᠰᠴᠠᠢ᠃
ᠡᠺᠰᠫᠣᠷᠲ ᠤᠨ ᠪᠠᠷᠠᠭᠠᠨ ᠤ ᠨᠡᠶᠢᠲᠡ ᠳ᠋ᠦᠩ ᠳᠦ᠄ ᠡᠷᠦᠳᠡᠰᠦ ᠪᠦᠲᠦᠭᠡᠭᠳᠡᠬᠦᠨ 7.5 ᠲᠡᠷᠪᠤᠮ ᠳ᠋ᠣᠯᠯᠠᠷ ᠪᠤᠶᠤ 81.3%᠂ ᠤᠷᠭᠤᠮᠠᠯ ᠤᠨ ᠭᠠᠷᠤᠯᠲᠠᠢ ᠪᠦᠲᠦᠭᠡᠭᠳᠡᠬᠦᠨ 89.3 ᠰᠠᠶ᠎ᠠ ᠳ᠋ᠣᠯᠯᠠᠷ ᠪᠤᠶᠤ 1%᠂ ᠰᠤᠪᠤᠳ᠂ ᠦᠨᠡᠲᠦ ᠪᠠ ᠬᠠᠭᠠᠰ ᠦᠨᠡᠲᠦ ᠴᠢᠯᠠᠭᠤ᠂ ᠦᠨᠡᠲᠦ ᠮᠧᠲ᠋ᠠᠯ᠂ ᠭᠣᠶᠣᠯ ᠤᠨ ᠵᠦᠢᠯᠡᠰ 1 ᠲᠡᠷᠪᠤᠮ ᠳ᠋ᠣᠯᠯᠠᠷ ᠪᠤᠶᠤ 11.1%᠂ ᠬᠦᠨᠡᠰᠦᠨ ᠦ ᠪᠡᠯᠡᠨ ᠪᠦᠲᠦᠭᠡᠭᠳᠡᠬᠦᠨ 47.1 ᠰᠠᠶ᠎ᠠ ᠳ᠋ᠣᠯᠯᠠᠷ ᠪᠤᠶᠤ 0.5%᠂
ᠨᠡᠬᠡᠮᠡᠯ ᠦᠨ ᠮᠠᠲ᠋ᠧᠷᠢᠶᠠᠯ ᠪᠣᠯᠤᠨ ᠨᠡᠬᠡᠮᠡᠯ ᠡᠳ᠋ᠯᠡᠯ 370.7 ᠰᠠᠶ᠎ᠠ ᠳ᠋ᠣᠯᠯᠠᠷ ᠪᠤᠶᠤ 4%  ᠶᠢ ᠲᠤᠰ ᠲᠤᠰ ᠡᠵᠡᠯᠡᠵᠦ᠂ ᠡᠳᠡᠭᠡᠷ ᠨᠢ ᠨᠡᠶᠢᠲᠡ  ᠳ᠋ᠦᠩ ᠦᠨ 97.9 ᠬᠤᠪᠢ ᠶᠢ ᠡᠵᠡᠯᠡᠵᠡᠢ᠃

ᠰᠡᠳᠬᠢᠭᠳᠡᠯ ᠦᠯᠡᠳᠡᠭᠡᠬᠦ