ᠬᠣᠯᠪᠣᠭ᠎ᠠ᠂ ᠰᠠᠩ ᠭᠠᠳᠠᠭᠠᠳᠤ ᠶᠢᠨ ᠲᠤᠰᠬᠠᠢ ᠠᠯᠪᠠᠨ ᠠᠴᠠ ᠬᠠᠨᠳᠢᠪ ᠠᠪᠬᠤ ᠶᠢ ᠬᠣᠷᠢᠭᠯᠠᠨ᠎ᠠ | News.MN

ᠬᠣᠯᠪᠣᠭ᠎ᠠ᠂ ᠰᠠᠩ ᠭᠠᠳᠠᠭᠠᠳᠤ ᠶᠢᠨ ᠲᠤᠰᠬᠠᠢ ᠠᠯᠪᠠᠨ ᠠᠴᠠ ᠬᠠᠨᠳᠢᠪ ᠠᠪᠬᠤ ᠶᠢ ᠬᠣᠷᠢᠭᠯᠠᠨ᠎ᠠ

ᠤᠯᠤᠰ ᠤᠨ ᠶᠡᠬᠡ ᠬᠤᠷᠠᠯ ᠤᠨ ᠴᠢᠭᠤᠯᠭᠠᠨ ᠤ ᠥᠨᠥᠳᠥᠷ ᠦᠨ ᠨᠢᠭᠡᠳᠦᠭᠰᠡᠨ ᠬᠤᠷᠠᠯᠳᠤᠭᠠᠨ ᠢᠶᠠᠷ︽ᠰᠠᠩ ᠤᠨ ᠡᠷᠬᠡ ᠵᠦᠢ ᠶᠢᠨ ᠪᠠᠶᠢᠳᠠᠯ ᠤᠨ ᠲᠤᠬᠠᠢ︾ᠬᠠᠤᠯᠢ ᠶᠢᠨ ᠲᠥᠰᠥᠯ ᠦᠨ ᠬᠡᠯᠡᠯᠴᠡᠬᠦ ᠡᠰᠡᠬᠦ ᠶᠢ  ᠬᠡᠯᠡᠯᠴᠡᠬᠦ ᠦᠶ᠎ᠡ ᠪᠡᠷ ᠤᠯᠤᠰ ᠤᠨ ᠶᠡᠬᠡ ᠬᠤᠷᠠᠯ ᠳ᠋ᠠᠬᠢ  ᠮᠤᠩᠭᠤᠯ ᠠᠷᠠᠳ ᠤᠨ ᠨᠠᠮ ᠤᠨ ᠪᠦᠯᠦᠭ ᠲᠠᠪᠤ ᠬᠣᠨᠣᠭ ᠤᠨ ᠵᠠᠪᠰᠠᠷᠯᠠᠭ᠎ᠠ ᠠᠪᠤᠯ᠎ᠠ᠃
ᠤᠯᠤᠰ ᠤᠨ ᠶᠡᠬᠡ ᠬᠤᠷᠠᠯ ᠲᠥᠷᠥ ᠶᠢᠨ ᠪᠤᠰᠤ ᠪᠠᠶᠢᠭᠤᠯᠤᠯᠭ᠎ᠠ ᠶᠢᠨ ᠲᠤᠬᠠᠢ ᠪᠡᠶ᠎ᠡ ᠳᠠᠭᠠᠭᠰᠠᠨ ᠬᠠᠤᠯᠢ ᠶᠢ 1997 ᠣᠨ ᠳᠤ ᠪᠠᠲᠤᠯᠠᠭᠰᠠᠨ᠃ 24 ᠵᠢᠯ ᠦᠨ ᠬᠤᠭᠤᠴᠠᠭᠠᠨ ᠳᠤ ᠨᠡᠶᠢᠭᠡᠮ ᠤᠨ ᠥᠭᠡᠷᠡᠴᠢᠯᠡᠯᠲᠡ ᠶᠢ ᠳᠠᠭᠠᠵᠤ ᠲᠥᠷᠥ ᠶᠢᠨ ᠪᠤᠰᠤ ᠪᠠᠶᠢᠭᠤᠯᠤᠯᠭ᠎ᠠ ᠨᠤᠭᠤᠳ᠂ ᠰᠠᠩ ᠤᠨ ᠦᠢᠯᠡ ᠠᠵᠢᠯᠯᠠᠭᠠᠨ ᠤ ᠴᠢᠭᠯᠡᠯ᠂ ᠴᠠᠷ᠎ᠠ ᠬᠦᠷᠢᠶ᠎ᠡ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠳᠦ ᠴᠤ ᠲᠣᠮᠣᠬᠠᠨ ᠥᠭᠡᠷᠡᠴᠢᠯᠡᠯᠲᠡ ᠭᠠᠷᠴᠤ ᠪᠠᠶᠢᠨ᠎ᠠ᠃ ᠡᠨᠡ ᠬᠦ ᠥᠭᠡᠷᠡᠴᠢᠯᠡᠯᠲᠡ ᠶᠢᠨ ᠳᠠᠭᠠᠤ ᠲᠥᠷᠥ ᠶᠢᠨ ᠪᠤᠰᠤ ᠪᠠᠶᠢᠭᠤᠯᠤᠯᠭ᠎ᠠ ᠶᠢᠨ ᠡᠷᠬᠡ ᠵᠦᠢ ᠶᠢᠨ ᠵᠣᠬᠢᠴᠠᠭᠤᠯᠤᠯᠲᠠ ᠶᠢ ᠰᠢᠨᠡᠳᠭᠡᠬᠦ᠂ ᠲᠤᠰᠬᠠᠶᠢᠯᠠᠨ ᠲᠥᠷᠥ ᠶᠢᠨ ᠪᠤᠰᠤ ᠪᠠᠶᠢᠭᠤᠯᠤᠯᠭ᠎ᠠ ᠶᠢᠨ ᠬᠡᠯᠪᠡᠷᠢ ᠲᠤᠰ ᠪᠦᠷᠢ ᠪᠡᠷ ᠪᠤᠶᠤ ᠬᠣᠯᠪᠣᠭ᠎ᠠ᠂ ᠰᠠᠩ ᠤᠨ ᠵᠣᠬᠢᠴᠠᠭᠤᠯᠤᠯᠲᠠ ᠶᠢ ᠨᠠᠷᠢᠪᠴᠢᠯᠠᠨ ᠬᠢᠬᠦ ᠱᠠᠭᠠᠷᠳᠠᠯᠭ᠎ᠠ ᠡᠭᠦᠰᠦᠭᠰᠡᠨ ᠲᠤᠯᠠ ᠤᠭ ᠬᠠᠤᠯᠢ ᠶᠢ ᠪᠣᠯᠪᠠᠰᠤᠷᠠᠭᠤᠯᠵᠤ᠂ ᠬᠠᠤᠯᠢ ᠵᠦᠢ᠂ ᠳᠣᠲᠣᠭᠠᠳᠤ ᠬᠡᠷᠡᠭ ᠦᠨ ᠰᠠᠶᠢᠳ ᠬ∙ ᠨᠢᠮᠠᠪᠠᠭᠠᠲᠤᠷ ᠥᠩᠭᠡᠷᠡᠭᠰᠡᠨ ᠣᠨ ᠤ ᠠᠷᠪᠠᠨ ᠨᠢᠭᠡᠳᠦᠭᠡᠷ ᠰᠠᠷ᠎ᠠ ᠶᠢᠨ 24  ᠳᠦ  ᠡᠷᠭᠦᠨ ᠪᠠᠷᠢᠭᠰᠠᠨ ᠶᠤᠮ᠃
ᠤᠯᠤᠰ ᠤᠨ ᠪᠦᠷᠢᠳᠬᠡᠯ ᠦᠨ ᠶᠡᠷᠦᠩᠬᠡᠢ ᠭᠠᠵᠠᠷ ᠲᠤ 2018 ᠣᠨ ᠳᠤ ᠨᠡᠶᠢᠲᠡ 19260 ᠭᠠᠷᠤᠢ ᠲᠥᠷᠥ ᠶᠢᠨ ᠪᠤᠰᠤ ᠪᠠᠶᠢᠭᠤᠯᠤᠯᠭ᠎ᠠ ᠪᠦᠷᠢᠳᠬᠡᠭᠦᠯᠦᠭᠰᠡᠨ ᠡᠴᠡ 366᠂ 2019 ᠣᠨ ᠳᠤ 21 040 ᠪᠦᠷᠢᠳᠬᠡᠭᠦᠯᠦᠭᠰᠡᠨ ᠡᠴᠡ 406 ᠲᠥᠷᠥ ᠶᠢᠨ ᠪᠤᠰᠤ ᠪᠠᠶᠢᠭᠤᠯᠤᠯᠭ᠎ᠠ ᠦᠢᠯᠡᠠᠵᠢᠯᠯᠠᠭᠠᠨ ᠤ ᠲᠠᠢᠯᠤᠨ ᠢᠶᠠᠨ ᠢᠷᠡᠭᠦᠯᠦᠭᠰᠡᠨ ᠪᠠᠶᠢᠳᠠᠭ᠃ ᠲᠥᠷᠥ ᠶᠢᠨ ᠪᠤᠰᠤ ᠪᠠᠶᠢᠭᠤᠯᠤᠯᠭ᠎ᠠ ᠶᠢᠨ ᠲᠤᠬᠠᠢ ᠬᠠᠤᠯᠢ ᠪᠠᠷ ᠰᠠᠩ ᠠᠴᠠ ᠪᠤᠰᠤᠳ ᠨᠢ ᠳᠦᠷᠢᠮ ᠳᠦ ᠪᠡᠨ ᠵᠢᠭᠠᠭ᠎ᠠ ᠦᠭᠡᠢ ᠪᠣᠯ ᠦᠢᠯᠡ ᠠᠵᠢᠯᠯᠠᠭᠠᠨ ᠤ ᠲᠠᠢᠯᠤᠨ ᠢ ᠣᠯᠠᠨ ᠨᠡᠶᠢᠲᠡ ᠳᠦ ᠮᠡᠳᠡᠭᠡᠯᠡᠬᠦ ᠡᠭᠦᠷᠭᠡ ᠬᠦᠯᠢᠶᠡᠳᠡᠭ ᠦᠭᠡᠢ᠂ ᠵᠥᠪᠬᠡᠨ ᠲᠠᠢᠯᠤᠨ ᠢ ᠬᠠᠤᠯᠢ ᠳᠤ ᠵᠢᠭᠠᠭᠰᠠᠨ ᠪᠦᠷᠢᠳᠬᠡᠯ ᠦᠨ ᠪᠠᠶᠢᠭᠤᠯᠤᠯᠭ᠎ᠠ ᠳᠤ ᠢᠯᠡᠭᠡᠬᠦ ᠡᠭᠦᠷᠭᠡ ᠬᠦᠯᠢᠶᠡᠵᠦ ᠪᠠᠶᠢᠨ᠎ᠠ᠃
ᠬᠠᠤᠯᠢ ᠶᠢᠨ ᠲᠥᠰᠥᠯ ᠲᠡᠢ ᠬᠣᠯᠪᠣᠭᠳᠠᠭᠤᠯᠤᠨ ᠤᠯᠤᠰ ᠤᠨ ᠶᠡᠬᠡ ᠬᠤᠷᠠᠯ ᠤᠨ ᠭᠡᠰᠢᠭᠦᠳ ᠠᠰᠠᠭᠤᠯᠲᠠ ᠠᠰᠠᠭᠤᠵᠤ ᠰᠠᠨᠠᠯ ᠬᠡᠯᠡᠯ᠎ᠡ᠃ ᠲᠤᠬᠠᠶᠢᠯᠠᠪᠠᠯ᠂ ᠤᠯᠤᠰ ᠤᠨ ᠶᠡᠬᠡ ᠬᠤᠷᠠᠯ  ᠤᠨ ᠭᠡᠰᠢᠭᠦᠨ ᠼ ∙ ᠮᠦᠩᠬᠡᠠᠤᠷᠭᠢᠯ ᠠᠰᠢᠭ ᠤᠨ ᠲᠥᠯᠥᠭᠡ ᠪᠤᠰᠤ ᠰᠠᠩ ᠳᠤ ᠥᠭᠴᠦ ᠪᠤᠢ ᠬᠠᠨᠳᠢᠪ ᠠᠴᠠ ᠲᠠᠲᠠᠪᠤᠷᠢ ᠠᠪᠬᠤ ᠦᠭᠡᠢ ᠪᠠᠶᠢᠬᠤ ᠵᠣᠬᠢᠴᠠᠭᠤᠯᠤᠯᠲᠠ ᠲᠤᠰᠬᠠᠭᠰᠠᠨ ᠡᠰᠡᠬᠦ ᠶᠢ ᠲᠣᠳᠣᠷᠠᠭᠤᠯᠤᠯ᠎ᠠ᠃ ᠨᠡᠶᠢᠭᠡᠮ ᠳᠦ ᠲᠤᠰᠠᠲᠠᠢ ᠦᠢᠯᠡ ᠠᠵᠢᠯᠯᠠᠭ᠎ᠠ ᠶᠢ ᠳᠡᠮᠵᠢᠵᠦ ᠥᠭᠭᠦᠭᠰᠡᠨ ᠬᠠᠨᠳᠢᠪ ᠢ ᠲᠠᠲᠠᠪᠤᠷᠢ ᠠᠴᠠ ᠴᠢᠯᠦᠭᠡᠯᠡᠬᠦ ᠪᠣᠯᠤᠮᠵᠢ ᠲᠠᠢ ᠪᠥᠭᠡᠳ ᠡᠭᠦᠨ ᠢ ᠬᠠᠤᠯᠢ ᠶᠢᠨ ᠲᠥᠰᠥᠯ ᠦᠨ ᠬᠡᠯᠡᠯᠴᠡᠭᠦᠯᠭᠡ ᠶᠢᠨ ᠦᠶ᠎ᠡ ᠳᠦ ᠲᠤᠰᠬᠠᠬᠤ ᠪᠣᠯᠤᠮᠵᠢ ᠲᠠᠢ ᠭᠡᠳᠡᠭ ᠢ ᠬᠠᠤᠯᠢ ᠵᠦᠢ ᠳᠣᠲᠣᠭᠠᠳᠤ ᠬᠡᠷᠡᠭ ᠦᠨ ᠰᠠᠶᠢᠳ ᠪ ∙ ᠰᠣᠯᠣᠩᠭ᠎ᠠ ᠣᠨᠴᠠᠯᠠᠪᠠ᠃
ᠠᠯᠢᠪᠠ ᠬᠣᠯᠪᠣᠭ᠎ᠠ᠂ ᠰᠠᠩ ᠨᠢ ᠭᠠᠳᠠᠭᠠᠳᠤ ᠶᠢᠨ ᠲᠤᠰᠬᠠᠢ ᠠᠯᠪᠠ ᠪᠣᠯᠤᠨ ᠲᠡᠭᠦᠨ ᠦ ᠬᠠᠯᠬᠠᠪᠴᠢ ᠪᠠᠶᠢᠭᠤᠯᠤᠯᠭ᠎ᠠ ᠡᠰᠡᠬᠦᠯ᠎ᠡ ᠦᠨᠳᠦᠰᠦᠨ ᠦ ᠡᠪ ᠨᠢᠭᠡᠳᠦᠯ ᠢ ᠪᠤᠰᠠᠨᠢᠭᠤᠯᠬᠤ᠂ ᠮᠥᠩᠭᠥ ᠤᠬᠢᠶᠠᠬᠤ᠂ ᠲᠧᠷᠷᠣᠷᠢᠰᠲ ᠦᠢᠯᠡ ᠠᠵᠢᠯᠯᠠᠭ᠎ᠠ ᠪᠠᠨ ᠶᠠᠪᠤᠭᠤᠯᠳᠠᠭ ᠪᠠᠶᠢᠭᠤᠯᠤᠯᠭ᠎ᠠ᠂ ᠬᠦᠮᠦᠨ ᠡᠴᠡ ᠰᠠᠩᠬᠦᠦᠵᠢᠯᠲᠡ ᠠᠪᠬᠤ ᠶᠢ ᠬᠣᠷᠢᠭᠯᠠᠵᠤ ᠪᠠᠶᠢᠭ᠎ᠠ᠃ ᠡᠶᠢᠮᠦ ᠪᠠᠶᠢᠭᠤᠯᠤᠯᠭ᠎ᠠ ᠶᠢᠨ ᠵᠢᠭᠰᠠᠭᠠᠯᠲᠠ ᠶᠢ ᠲᠠᠩᠨᠠᠭᠤᠯ ᠤᠨ ᠶᠡᠷᠦᠩᠬᠡᠢ ᠭᠠᠵᠠᠷ᠂ ᠴᠠᠭᠳᠠᠭ᠎ᠠ ᠶᠢᠨ ᠶᠡᠷᠦᠩᠬᠡᠢ ᠭᠠᠵᠠᠷ ᠭᠠᠷᠭᠠᠨ᠎ᠠ ᠭᠡᠳᠡᠭ ᠢ ᠬᠠᠤᠯᠢ ᠶᠢᠨ ᠲᠥᠰᠥᠯ ᠦᠨ ᠠᠵᠢᠯ ᠤᠨ ᠪᠠᠭ᠎ᠠ ᠠᠴᠠ ᠮᠡᠳᠡᠭᠡᠯᠡᠪᠡ᠃

ᠰᠡᠳᠬᠢᠭᠳᠡᠯ ᠦᠯᠡᠳᠡᠭᠡᠬᠦ