ᠶᠠᠫᠣᠨ ᠫᠣᠫ ᠰᠤᠶᠤᠯ ᠤᠨ ᠡᠳᠦᠷᠯᠢᠭ ᠪᠣᠯᠤᠨ᠎ᠠ | News.MN

ᠶᠠᠫᠣᠨ ᠫᠣᠫ ᠰᠤᠶᠤᠯ ᠤᠨ ᠡᠳᠦᠷᠯᠢᠭ ᠪᠣᠯᠤᠨ᠎ᠠ

ᠮᠣᠩᠭᠣᠯ ᠳ᠋ᠡᠬᠢ ᠬᠠᠮᠤᠭ ᠤᠨ ᠲᠣᠮᠣ᠂ ᠠᠯᠪᠠᠨ ᠶᠣᠰᠣᠨ ᠤ ᠶᠠᠫᠣᠨ ᠫᠣᠫ ᠹᠧᠰᠲ᠋ᠢᠸᠠᠯᠢ《ᠮᠣᠩᠭᠣᠯ᠂ ᠶᠠᠫᠣᠨ ᠤ ᠫᠣᠫ ᠰᠤᠶᠤᠯ ᠤᠨ ᠡᠳᠦᠷᠯᠢᠭ-2022》ᠨᠡᠷ᠎ᠡ ᠲᠡᠢ ᠪᠡᠷ ᠠᠷᠪᠠᠳᠠᠬᠢ ᠵᠢᠯ ᠳᠦ ᠪᠡᠨ ᠪᠣᠯᠬᠤ ᠭᠡᠵᠦ ᠪᠠᠶᠢᠨ᠎ᠠ᠃ ᠮᠣᠩᠭᠣᠯ᠂ ᠶᠠᠫᠣᠨ ᠤ ᠫᠣᠫ ᠰᠤᠶᠤᠯ ᠢ ᠰᠣᠨᠢᠷᠬᠠᠭᠴᠢᠳ ᠤᠨ ᠬᠣᠯᠪᠣᠭ᠎ᠠ ᠲᠥᠷᠥ ᠶᠢᠨ ᠪᠤᠰᠤ ᠪᠠᠶᠢᠭᠤᠯᠤᠯᠭ᠎ᠠ ᠠᠷᠪᠠᠳᠠᠬᠢ ᠵᠢᠯ ᠳᠦ ᠪᠡᠨ ᠵᠣᠬᠢᠶᠠᠨ ᠪᠠᠶᠢᠭᠤᠯᠬᠤ ᠲᠤᠰ ᠡᠳᠦᠷᠯᠢᠭ ᠢ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠶᠢᠨ ᠪᠠᠶᠠᠷ ᠲᠤ ᠵᠣᠷᠢᠭᠤᠯᠵᠤ ᠵᠣᠬᠢᠶᠠᠨ ᠪᠠᠶᠢᠭᠤᠯᠬᠤ ᠭᠡᠵᠦ ᠪᠠᠶᠢᠨ᠎ᠠ᠃ ᠡᠳᠦᠷᠯᠢᠭ ᠦᠨ ᠦᠶ᠎ᠡ ᠪᠡᠷ ᠺᠣᠰᠫᠯᠡᠢ ᠲᠡᠮᠡᠴᠡᠭᠡᠨ᠂ ᠳᠠᠭᠤᠤ ᠶᠢᠨ ᠲᠡᠮᠡᠴᠡᠭᠡᠨ᠂ ᠮᠠᠩᠭ᠎ᠠ ᠲᠡᠮᠡᠴᠡᠭᠡᠨ ᠪᠣᠯᠤᠨ᠎ᠠ᠃
ᠲᠡᠮᠡᠴᠡᠭᠡᠨ ᠦ ᠢᠯᠠᠭᠴᠢᠳ ᠨᠢ 15-30 ᠨᠠᠰᠤᠨ ᠤ ᠣᠶᠤᠲᠠᠨ ᠡᠰᠡᠪᠡᠯ ᠰᠤᠷᠤᠭᠴᠢ᠂ ᠮᠥᠨ ᠮᠣᠩᠭᠣᠯ ᠤᠯᠤᠰ ᠤᠨ ᠢᠷᠭᠡᠨ ᠪᠠᠶᠢᠬᠤ ᠱᠠᠭᠠᠷᠳᠠᠯᠭ᠎ᠠ ᠲᠠᠢ᠃ ᠳᠠᠰᠢᠷᠠᠮ ᠳᠤ ᠳᠤᠷᠠᠳᠬᠤ ᠳᠤ᠂ ᠮᠣᠩᠭᠣᠯ ᠤᠯᠤᠰ᠂ ᠶᠠᠫᠣᠨ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠶᠢ 《ᠮᠣᠩᠭᠣᠯ ᠶᠠᠫᠣᠨ ᠤ ᠬᠡᠦᠬᠡᠳ ᠵᠠᠯᠠᠭᠤᠴᠤᠳ ᠤᠨ ᠨᠠᠶᠢᠷᠠᠮᠳᠠᠯ᠂ ᠰᠣᠯᠢᠯᠴᠠᠭᠠᠨ ᠤ ᠵᠢᠯ》ᠪᠣᠯᠭᠠᠨ ᠵᠠᠷᠯᠠᠬᠤ ᠰᠠᠨᠠᠭᠠᠴᠢᠯᠠᠭ᠎ᠠ ᠳᠡᠪᠰᠢᠭᠦᠯᠦᠭᠰᠡᠨ᠃ ᠲᠡᠶᠢᠮᠦ ᠡᠴᠡ ᠡᠭᠦᠨ ᠲᠡᠢ ᠬᠣᠯᠪᠣᠭᠳᠠᠭᠤᠯᠤᠨ 2022 ᠣᠨ ᠢ 《ᠮᠣᠩᠭᠣᠯ ᠶᠠᠫᠣᠨ ᠤ ᠬᠡᠦᠬᠡᠳ ᠵᠠᠯᠠᠭᠤᠴᠤᠳ ᠤᠨ ᠨᠠᠶᠢᠷᠠᠮᠳᠠᠯ᠂ ᠰᠣᠯᠢᠯᠴᠠᠭᠠᠨ ᠤ ᠵᠢᠯ》ᠪᠣᠯᠭᠠᠵᠤ᠂ ᠵᠢᠯ ᠦᠨ ᠲᠤᠷᠰᠢ ᠲᠡᠮᠳᠡᠭᠯᠡᠨ ᠥᠩᠭᠡᠷᠡᠭᠦᠯᠬᠦ ᠪᠡᠷ ᠪᠣᠯᠤᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ