ᠳᠠᠷᠬᠠᠨ-ᠠᠭᠤᠯᠠ ᠠᠶᠢᠮᠠᠭ ᠴᠠᠭᠠᠨ ᠰᠠᠷ᠎ᠠ ᠲᠡᠮᠳᠡᠭᠯᠡᠬᠦ ᠶᠢ ᠬᠤᠷᠢᠭᠯᠠᠪᠠ | News.MN

ᠳᠠᠷᠬᠠᠨ-ᠠᠭᠤᠯᠠ ᠠᠶᠢᠮᠠᠭ ᠴᠠᠭᠠᠨ ᠰᠠᠷ᠎ᠠ ᠲᠡᠮᠳᠡᠭᠯᠡᠬᠦ ᠶᠢ ᠬᠤᠷᠢᠭᠯᠠᠪᠠ

01 ᠰᠠᠷ᠎ᠠ ᠶᠢᠨ11 ᠳᠦ ᠳᠠᠷᠬᠠᠨ-ᠠᠭᠤᠯᠠ ᠠᠶᠢᠮᠠᠭ ᠤᠨ ᠣᠨᠴᠠᠭᠠᠢ ᠺᠣᠮᠢᠰ ᠬᠡᠰᠡᠭᠴᠢᠯᠡᠭᠰᠡᠨ ᠪᠠᠶᠢᠳᠠᠯ ᠢᠶᠠᠷ  ᠬᠤᠷᠠᠯᠳᠤᠵᠤ᠂ ᠲᠠᠬᠤᠯ ᠡᠴᠡ ᠤᠷᠢᠳᠴᠢᠯᠠᠨ ᠰᠡᠷᠭᠡᠶᠢᠯᠡᠬᠦ  ᠶᠢᠨ ᠲᠦᠯᠦᠭᠡ ᠳᠠᠷᠠᠭᠠᠬᠢ  ᠭᠤᠷᠪᠠᠨ ᠰᠢᠢᠳᠪᠤᠷᠢ ᠶᠢ ᠠᠶᠢᠮᠠᠭ ᠤᠨ ᠣᠨᠴᠠᠭᠠᠢ ᠺᠣᠮᠢᠰ ᠤᠨ ᠭᠡᠰᠢᠭᠦᠳ ᠦᠨ 100 ᠬᠤᠪᠢ ᠶᠢᠨ ᠰᠠᠨᠠᠯ ᠢᠶᠠᠷ ᠳᠡᠮᠵᠢᠨ ᠬᠡᠷᠡᠭᠵᠢᠭᠦᠯᠬᠦ ᠪᠡᠷ ᠪᠣᠯᠵᠠᠢ᠃ ᠡᠭᠦᠨ ᠳᠦ᠄
ᠡᠨᠡ ᠰᠠᠷ᠎ᠠ ᠶᠢᠨ ᠠᠷᠪᠠᠨ ᠲᠠᠪᠤᠨᠡᠴᠡ ᠡᠬᠢᠯᠡᠨ ᠪᠦᠬᠦ ᠨᠡᠶᠢᠲᠡ ᠶᠢ ᠬᠠᠮᠤᠷᠤᠭᠰᠠᠨ ᠲᠡᠮᠡᠴᠡᠭᠡᠨ ᠤᠷᠤᠯᠳᠤᠭᠠᠨ ᠢ ᠲᠣᠳᠣᠷᠬᠠᠢ ᠦᠭᠡᠢ ᠬᠤᠭᠤᠴᠠᠭ᠎ᠠ ᠪᠠᠷ ᠬᠢᠵᠠᠭᠠᠷᠯᠠᠪᠠ᠃ ᠲᠥᠷᠥ ᠶᠢᠨ ᠪᠠᠶᠢᠭᠤᠯᠤᠯᠭ᠎ᠠ ᠨᠤᠭᠤᠳ ᠲᠣᠳᠣᠷᠬᠠᠢ ᠦᠭᠡᠢ ᠬᠤᠭᠤᠴᠠᠭ᠎ᠠ ᠪᠠᠷ ᠨᠡᠶᠢᠲᠡ ᠶᠢ ᠬᠠᠮᠤᠷᠤᠭᠰᠠᠨ ᠬᠤᠷᠠᠯ ᠵᠦᠪᠯᠡᠯᠭᠡᠨ᠂ ᠰᠧᠮᠢᠨᠠᠷ᠂ ᠰᠤᠷᠭᠠᠯᠲᠠ ᠵᠣᠬᠢᠶᠠᠨ ᠪᠠᠶᠢᠭᠤᠯᠬᠤ ᠦᠭᠡᠢ ᠪᠠᠶᠢᠬᠤ ᠪᠠᠷ ᠪᠣᠯᠪᠠ᠃ ᠰᠠᠷ᠎ᠠ ᠰᠢᠨ᠎ᠡ ᠶᠢᠨ ᠪᠠᠶᠠᠷ ᠢ ᠠᠶᠢᠮᠠᠭ ᠤᠨ ᠬᠡᠮᠵᠢᠶᠡᠨ ᠳᠦ ᠨᠢᠭᠡᠳᠦᠭᠰᠡᠨ ᠪᠠᠶᠢᠳᠠᠯ ᠢᠶᠠᠷ ᠵᠣᠬᠢᠶᠠᠨ ᠪᠠᠶᠢᠭᠤᠯᠬᠤ ᠦᠭᠡᠢ ᠪᠥᠭᠡᠳ ᠨᠡᠶᠢᠲᠡ ᠶᠢ ᠬᠠᠮᠤᠷᠤᠭᠰᠠᠨ ᠵᠣᠯᠭᠠᠯᠲᠠ ᠬᠢᠬᠦ ᠦᠭᠡᠢ ᠪᠠᠶᠢᠬᠤ ᠰᠢᠢᠳᠪᠦᠷᠢ ᠭᠠᠷᠭᠠᠭᠰᠠᠨ ᠨᠢ ᠡᠨᠡ ᠪᠠᠶᠢᠨ᠎ᠠ᠃

ᠰᠡᠳᠬᠢᠭᠳᠡᠯ ᠦᠯᠡᠳᠡᠭᠡᠬᠦ