ᠲᠥᠷᠥ ᠶᠢᠨ ᠠᠯᠪᠠᠨ ᠬᠠᠭᠠᠭᠴᠢᠳ  ᠢ ᠮᠤᠩᠭᠤᠯ ᠪᠢᠴᠢᠭ ᠦᠨ ᠰᠤᠷᠭᠠᠯᠲᠠ ᠳᠤ ᠬᠠᠮᠤᠷᠤᠭᠤᠯᠤᠨ᠎ᠠ | News.MN

ᠲᠥᠷᠥ ᠶᠢᠨ ᠠᠯᠪᠠᠨ ᠬᠠᠭᠠᠭᠴᠢᠳ  ᠢ ᠮᠤᠩᠭᠤᠯ ᠪᠢᠴᠢᠭ ᠦᠨ ᠰᠤᠷᠭᠠᠯᠲᠠ ᠳᠤ ᠬᠠᠮᠤᠷᠤᠭᠤᠯᠤᠨ᠎ᠠ

ᠮᠣᠩᠭᠣᠯ ᠤᠯᠤᠰ ᠤᠨ ᠵᠠᠰᠠᠭ ᠤᠨ ᠭᠠᠵᠠᠷ《ᠮᠣᠩᠭᠣᠯ ᠬᠡᠯᠡᠨ ᠦ ᠲᠤᠬᠠᠢ》ᠬᠠᠤᠯᠢ ᠶᠢ ᠬᠡᠷᠡᠭᠵᠢᠭᠦᠯᠬᠦ ᠵᠠᠷᠢᠮ ᠠᠷᠭ᠎ᠠ ᠬᠡᠮᠵᠢᠶᠡᠨ ᠦ ᠲᠤᠬᠠᠢ ᠲᠣᠭᠲᠠᠭᠠᠯ ᠢ ᠪᠠᠲᠤᠯᠠᠵᠤ᠂ ᠠᠵᠢᠯ ᠤᠨ ᠬᠡᠰᠡᠭ ᠦᠨ ᠠᠬᠠᠯᠠᠭᠴᠢ ᠪᠠᠷ ᠪᠣᠯᠪᠠᠰᠤᠷᠠᠯ ᠰᠢᠨᠵᠢᠯᠡᠬᠦ ᠤᠬᠠᠭᠠᠨ ᠤ ᠶᠠᠮᠤᠨ ᠤ ᠰᠠᠶᠢᠳ ᠯ∙ᠡᠩᠬᠡ-ᠠᠮᠤᠭᠤᠯᠠᠩ ᠲᠤᠮᠢᠯᠠᠵᠠᠢ᠃ ᠲᠡᠷᠡ ᠪᠡᠷ᠄ ᠲᠣᠭᠲᠠᠭᠠᠯ ᠤᠨ ᠳᠠᠭᠠᠤ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠦᠨ ᠬᠤᠷᠠᠯ ᠢ ᠵᠣᠬᠢᠶᠠᠨ ᠪᠠᠶᠢᠭᠤᠯᠵᠤ᠂︽ᠦᠨᠳᠦᠰᠦᠨ ᠦ ᠪᠢᠴᠢᠭ ᠦᠨ ᠬᠥᠲᠥᠯᠪᠦᠷᠢ︾ ᠶᠢ ᠤᠯᠤᠰ ᠤᠨ ᠬᠡᠮᠵᠢᠶᠡᠨ ᠳᠦ ᠬᠡᠷᠡᠭᠵᠢᠭᠦᠯᠬᠦ ᠲᠥᠯᠥᠪᠯᠡᠭᠡ ᠭᠠᠷᠭᠠᠵᠤ᠂ ᠭᠤᠷᠪᠠᠨ ᠳᠡᠳ᠋ ᠠᠵᠢᠯ ᠤᠨ ᠬᠡᠰᠡᠭ ᠪᠠᠶᠢᠭᠤᠯᠤᠯ᠎ᠠ᠃

ᠲᠥᠷᠥ ᠶᠢᠨ ᠪᠠᠶᠢᠭᠤᠯᠤᠯᠭ᠎ᠠ ᠨᠤᠭᠤᠳ ᠠᠯᠪᠠᠨ ᠪᠢᠴᠢᠭ ᠢᠶᠡᠨ ᠦᠨᠳᠦᠰᠦᠨ ᠦ ᠪᠣᠯᠤᠨ ᠺᠢᠷᠢᠯ ᠭᠡᠰᠡᠨ ᠬᠣᠣᠰ ᠪᠢᠴᠢᠭ ᠢᠶᠡᠷ ᠶᠠᠪᠤᠭᠤᠯᠬᠤ ᠶᠢᠨ ᠲᠤᠯᠠᠳᠠ᠄ ᠨᠢᠭᠡ ᠳᠦ᠂ ᠲᠥᠷᠥ ᠶᠢᠨ ᠠᠯᠪᠠᠨ ᠬᠠᠭᠠᠭᠴᠢ ᠶᠢ ᠦᠨᠳᠦᠰᠦᠨ ᠦ ᠪᠢᠴᠢᠭ ᠦᠨ ᠠᠩᠬᠠᠨ᠂ ᠳᠤᠮᠳᠠ᠂ ᠠᠬᠢᠭᠰᠠᠨ ᠱᠠᠲᠤᠨ ᠤ ᠰᠤᠷᠭᠠᠯᠲᠠ ᠳᠦ ᠰᠠᠭᠤᠯᠭᠠᠬᠤ᠃ ᠬᠤᠶᠠᠷ ᠲᠤ᠂ ᠦᠨᠳᠦᠰᠦᠨ ᠦ ᠪᠢᠴᠢᠭ ᠦᠨ ᠭᠠᠷ ᠤᠨ ᠪᠠᠶᠢᠷᠢᠯᠠᠯ ᠤᠨ ᠰᠲ᠋ᠠᠨᠳᠠᠷᠲ᠂ ᠶᠤᠨᠢᠺᠤᠳ᠋ ᠤᠨ ᠰᠲ᠋ᠠᠨᠳᠠᠷᠲ  ᠤᠨ ᠠᠰᠠᠭᠤᠳᠠᠯ ᠢ ᠰᠢᠢᠳᠬᠦ᠃ ᠭᠤᠷᠪᠠ ᠳᠤ᠂ ᠵᠥᠪ ᠪᠢᠴᠢᠬᠦ ᠳᠦᠷᠢᠮ ᠦᠨ ᠰᠲ᠋ᠠᠨᠳᠠᠷᠲ ᠢᠶᠠᠨ ᠪᠣᠯᠪᠠᠰᠤᠷᠠᠭᠤᠯᠤᠭᠰᠠᠨ ᠢᠶᠠᠷ ᠦᠨᠳᠦᠰᠦᠨ ᠦ ᠪᠢᠴᠢᠭ ᠦᠨ ᠬᠡᠷᠡᠭᠯᠡᠭᠡ ᠨᠡᠮᠡᠭᠳᠡᠨ᠎ᠡ᠃
︽ᠦᠨᠳᠦᠰᠦᠨ ᠦ ᠪᠢᠴᠢᠭ ᠦᠨ ᠬᠥᠲᠥᠯᠪᠦᠷᠢ︾ ᠳᠦ ᠠᠷᠪᠠ ᠶᠢᠰᠦᠨ ᠲᠥᠷᠥᠯ ᠦᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠡᠳᠡᠭᠡᠷ ᠠᠷᠭ᠎ᠠ ᠬᠡᠮᠵᠢᠶ᠎ᠡ ᠶᠢ ᠶᠠᠷᠢᠬᠤ ᠪᠢᠰᠢ᠂ ᠪᠣᠳᠠᠲᠠᠢ ᠠᠵᠢᠯ ᠬᠡᠷᠡᠭ ᠪᠣᠯᠭᠠᠨ ᠵᠠᠰᠠᠭ ᠤᠨ ᠭᠠᠵᠠᠷ ᠠᠴᠠ ᠮᠠᠩᠯᠠᠶᠢᠯᠠᠯ ᠦᠵᠡᠭᠦᠯᠵᠦ᠂ ᠦᠢᠯᠡ ᠠᠵᠢᠯᠯᠠᠭ᠎ᠠ ᠶᠢ ᠡᠷᠴᠢᠮᠵᠢᠭᠦᠯᠵᠦ᠂  ᠶᠠᠮᠤᠨ᠂ ᠠᠭᠧᠨᠲᠯᠢᠭ ᠤᠨ ᠳᠠᠷᠤᠭ᠎ᠠ ᠨᠠᠷ ᠲᠤ ᠡᠵᠡᠨᠵᠢᠭᠦᠯᠵᠦ᠂ ᠬᠠᠷᠢᠭᠤᠴᠠᠭᠰᠠᠨ ᠠᠵᠢᠯ ᠤᠨ ᠦᠷ᠎ᠡ ᠳ᠋ᠦᠩ ᠢ ᠭᠤᠷᠪᠠᠳᠤᠭᠠᠷ ᠰᠠᠷ᠎ᠠ ᠶᠢᠨ ᠬᠤᠷᠢᠨ ᠲᠠᠪᠤᠨ ᠳᠦ ᠬᠡᠯᠡᠯᠴᠡᠬᠦ ᠪᠡᠷ ᠲᠣᠭᠲᠠᠯ᠎ᠠ ᠭᠡᠵᠦ ᠨᠢᠭᠡᠳᠦᠭᠡᠷ ᠰᠠᠷ᠎ᠠ ᠶᠢᠨ ᠠᠷᠪᠠᠨ ᠭᠤᠷᠪᠠᠨ ᠳᠤ ᠰᠡᠳᠭᠦᠯᠴᠢᠳ ᠲᠦ ᠮᠡᠳᠡᠭᠳᠡᠯ᠎ᠡ᠃

ᠡᠭᠦᠨ ᠡᠴᠡ ᠡᠮᠦᠨᠡᠬᠡᠨ ᠲᠡᠷᠡ᠂ ᠰᠤᠶᠤᠯ ᠤᠨ ᠶᠠᠮᠤᠨ ᠤ ᠰᠠᠶᠢᠳ ᠴ∙ᠨᠣᠮᠢᠨ ᠲᠠᠢ ᠬᠠᠮᠲᠤ《ᠮᠣᠩᠭᠣᠯ ᠤᠨ ᠰᠠᠶᠢᠬᠠᠨ ᠪᠢᠴᠢᠭᠲᠡᠨ》ᠤᠯᠤᠰ ᠤᠨ ᠤᠷᠤᠯᠳᠤᠭᠠᠨ ᠳᠤ ᠣᠷᠣᠯᠴᠠᠭᠰᠠᠨ ᠪᠠᠭᠰᠢ ᠨᠠᠷ ᠤᠨ ᠲᠥᠯᠥᠭᠡᠯᠡᠯ ᠲᠡᠢ ᠠᠭᠤᠯᠵᠠᠬᠤ ᠳᠤ ᠲᠡᠳᠡ᠂ ᠬᠣᠣᠰ ᠪᠢᠴᠢᠭᠲᠡᠨ ᠪᠣᠯᠬᠤ ᠶᠢᠨ ᠲᠤᠯᠠᠳᠠ ᠮᠣᠩᠭᠣᠯ ᠪᠢᠴᠢᠭ ᠦᠨ ᠬᠡᠷᠡᠭᠯᠡᠭᠡᠨ ᠦ ᠣᠷᠴᠢᠨ ᠪᠦᠷᠢᠳᠦᠭᠦᠯᠬᠦ᠂ ᠦᠪᠦᠷ ᠮᠣᠩᠭᠣᠯ ᠲᠠᠢ ᠪᠠᠭᠰᠢ ᠰᠣᠯᠢᠯᠴᠠᠭᠠᠨ ᠤ ᠬᠥᠲᠥᠯᠪᠦᠷᠢ ᠬᠡᠷᠡᠭᠵᠢᠭᠦᠯᠬᠦ᠂ ᠲᠥᠷᠥ ᠶᠢᠨ ᠠᠯᠪᠠᠨ ᠬᠠᠭᠠᠭᠴᠢᠳ ᠲᠤ ᠮᠣᠩᠭᠣᠯ ᠪᠢᠴᠢᠭ ᠦᠨ ᠬᠢᠴᠢᠶᠡᠯ ᠵᠢᠭᠠᠵᠤ ᠪᠠᠶᠢᠭ᠎ᠠ ᠪᠠᠭᠰᠢ ᠨᠠᠷ ᠤᠨ ᠴᠠᠯᠢᠩ ᠤᠷᠮᠠᠰᠢᠭᠤᠯᠤᠯ ᠤᠨ ᠠᠰᠠᠭᠤᠳᠠᠯ ᠢ ᠰᠢᠢᠳᠪᠦᠷᠢᠯᠡᠬᠦ᠂ ᠮᠣᠩᠭᠣᠯ ᠪᠢᠴᠢᠭ ᠦᠨ ᠲᠥᠷᠦᠯᠵᠢᠭᠰᠡᠨ ᠨᠣᠮ ᠤᠨ ᠰᠠᠩ᠂ ᠰᠣᠨᠢᠨ ᠰᠡᠳᠬᠦᠯ ᠦᠨ ᠲᠣᠭ᠎ᠠ ᠶᠢ ᠨᠡᠮᠡᠭᠳᠡᠭᠦᠯᠬᠦ᠂ ᠮᠣᠩᠭᠣᠯ ᠪᠢᠴᠢᠭ ᠢᠶᠡᠷ ᠬᠡᠪᠯᠡᠭᠳᠡᠳᠡᠭ ᠨᠣᠮ ᠵᠣᠬᠢᠶᠠᠯ ᠤᠨ ᠲᠣᠭ᠎ᠠ ᠶᠢ ᠣᠯᠠᠰᠢᠷᠠᠭᠤᠯᠬᠤ ᠵᠡᠷᠭᠡ ᠰᠠᠨᠠᠯ ᠤᠳ ᠢ ᠳᠡᠪᠰᠢᠭᠦᠯᠵᠦ ᠪᠠᠢᠭᠰᠠᠨ ᠶᠤᠮ᠃

 

ᠰᠡᠳᠬᠢᠭᠳᠡᠯ ᠦᠯᠡᠳᠡᠭᠡᠬᠦ