ᠬ∙ᠨᠢᠮᠠᠪᠠᠭᠠᠲᠤᠷ᠄ ᠲᠥᠷᠥ ᠶᠢᠨ ᠬᠢᠨᠠᠯᠲᠠ ᠰᠢᠯᠭᠠᠯᠲᠠ ᠶᠢ ᠭᠤᠷᠪᠠᠨ ᠵᠢᠯ  ᠵᠣᠭᠰᠣᠭᠠᠨ᠎ᠠ | News.MN

ᠬ∙ᠨᠢᠮᠠᠪᠠᠭᠠᠲᠤᠷ᠄ ᠲᠥᠷᠥ ᠶᠢᠨ ᠬᠢᠨᠠᠯᠲᠠ ᠰᠢᠯᠭᠠᠯᠲᠠ ᠶᠢ ᠭᠤᠷᠪᠠᠨ ᠵᠢᠯ  ᠵᠣᠭᠰᠣᠭᠠᠨ᠎ᠠ

ᠵᠠᠰᠠᠭ ᠤᠨ ᠭᠠᠵᠠᠷ ᠤᠨ ᠬᠤᠷᠠᠯᠳᠤᠭᠠᠨ  ᠠᠴᠠ ᠭᠠᠷᠭᠠᠭᠰᠠᠨ ᠵᠠᠷᠢᠮ ᠰᠢᠢᠳᠪᠦᠷᠢ ᠶᠢ ᠬᠠᠤᠯᠢ ᠵᠦᠢ ᠶᠢᠨᠶᠠᠮᠤᠨ ᠤ ᠰᠠᠶᠢᠳ ᠬ∙ᠨᠢᠮᠠᠪᠠᠭᠠᠲᠤᠷ ᠲᠠᠨᠢᠯᠴᠠᠭᠤᠯᠤᠯ᠎ᠠ᠃

ᠲᠡᠷᠡ᠄ ᠪᠢᠳᠡ ᠥᠨᠥᠳᠥᠷ ᠵᠠᠷᠢᠮ ᠲᠥᠷᠥᠯ ᠦᠨ ᠲᠥᠷᠥ ᠶᠢᠨ ᠬᠢᠨᠠᠯᠲᠠ ᠰᠢᠯᠭᠠᠯᠲᠠ ᠶᠢᠨ ᠦᠢᠯᠡ ᠠᠵᠢᠯᠯᠠᠭ᠎ᠠ ᠶᠢ ᠲᠦᠷ ᠵᠤᠭᠰᠤᠭᠠᠬᠤ ᠲᠤᠬᠠᠢ ᠬᠠᠤᠯᠢ ᠶᠢᠨ ᠲᠥᠰᠥᠯ ᠢ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠬᠦ ᠪᠡᠷ ᠪᠣᠯᠤᠯ᠎ᠠ᠃ ᠡᠨᠡ ᠬᠠᠤᠯᠢ 2022 ᠣᠨ ᠤ ᠬᠣᠶᠠᠳᠤᠭᠠᠷ ᠰᠠᠷ᠎ᠠ ᠶᠢᠨ ᠨᠢᠭᠡᠨ ᠡᠴᠡ 2024 ᠣᠨ ᠤ 12 ᠳ᠋ᠤᠭᠠᠷ ᠰᠠᠷ᠎ᠠ ᠶᠢᠨ 31  ᠦ ᠡᠳᠦᠷ ᠢ ᠬᠦᠷᠲᠡᠯ᠎ᠡ ᠪᠤᠶᠤ ᠡᠳ᠋ ᠤᠨ ᠵᠠᠰᠠᠭ ᠤᠨ ᠰᠡᠷᠭᠦᠯᠲᠡ ᠶᠢ ᠡᠷᠴᠢᠮᠵᠢᠭᠦᠯᠬᠦ ᠵᠣᠷᠢᠯᠭ᠎ᠠ ᠪᠠᠷ ᠭᠤᠷᠪᠠᠨ ᠵᠢᠯ ᠦᠨ ᠬᠤᠭᠤᠴᠠᠭ᠎ᠠ ᠲᠠᠢ ᠦᠢᠯᠡᠴᠢᠯᠡᠬᠦ ᠪᠡᠷ ᠪᠣᠯᠤᠭᠰᠠᠨ᠃

︽ᠲᠥᠷᠥ ᠶᠢᠨ ᠬᠢᠨᠠᠯᠲᠠ ᠰᠢᠯᠭᠠᠯᠲᠠ ᠶᠢᠨ ᠲᠤᠬᠠᠢ︾ ᠬᠠᠤᠯᠢ ᠳᠤ ᠬᠢᠨᠠᠯᠲᠠ ᠰᠢᠯᠭᠠᠯᠲᠠ ᠶᠢ ᠵᠢᠯ ᠪᠦᠷᠢ ᠵᠣᠬᠢᠶᠠᠨ ᠪᠠᠶᠢᠭᠤᠯᠬᠤ ᠪᠠᠷ ᠲᠥᠯᠥᠪᠯᠡᠭᠳᠡᠭᠰᠡᠨ ᠪᠠᠶᠢᠳᠠᠭ᠃ ᠡᠨᠡ ᠨᠢ ᠠᠵᠤ ᠠᠬᠤᠢ ᠡᠷᠬᠢᠯᠡᠭᠴᠢᠳ ᠦᠨ ᠦᠢᠯᠡ ᠠᠵᠢᠯᠯᠠᠭᠠᠨ ᠳᠤ ᠶᠡᠬᠡᠬᠡᠨ ᠴᠢᠷᠦᠭᠳᠡᠯ ᠤᠴᠠᠷᠠᠭᠤᠯᠳᠠᠭ᠃ ᠮᠣᠩᠭᠣᠯ ᠪᠠᠩᠭᠢᠨ ᠤ᠂ ᠰᠠᠩᠬᠦᠦ ᠶᠢᠨ ᠵᠤᠬᠢᠴᠠᠭᠤᠯᠬᠤ ᠬᠤᠷᠢᠶᠠᠨ ᠤ᠂ ᠭᠠᠶᠢᠯᠢ ᠲᠠᠲᠠᠪᠤᠷᠢ ᠶᠢᠨ᠂ ᠡᠷᠡᠭᠦᠯ ᠮᠡᠨᠳᠦ᠂ ᠨᠡᠶᠢᠭᠡᠮ ᠤᠨ ᠳᠠᠭᠠᠳᠬᠠᠯ ᠤᠨ᠂ ᠬᠡᠦᠬᠡᠳ ᠬᠠᠮᠠᠭᠠᠯᠠᠯ ᠤᠨ ᠴᠢᠭᠯᠡᠯ ᠦᠨ ᠬᠢᠨᠠᠯᠲᠠ ᠰᠢᠯᠭᠠᠯᠲᠠ ᠵᠣᠭᠰᠣᠬᠤ ᠦᠭᠡᠢ᠃ ᠡᠭᠦᠨ ᠡᠴᠡ ᠪᠤᠰᠤᠳ ᠪᠦᠬᠦᠢ ᠯᠠ ᠬᠢᠨᠠᠯᠲᠠ ᠰᠢᠯᠭᠠᠯᠲᠠ ᠨᠤᠭᠤᠳ ᠢ ᠬᠠᠤᠯᠢ ᠪᠠᠲᠤᠯᠠᠭᠳᠠᠭᠰᠠᠨ ᠢᠶᠠᠷ ᠭᠤᠷᠪᠠᠨ ᠵᠢᠯ ᠦᠨ ᠬᠤᠭᠤᠴᠠᠭ᠎ᠠ ᠲᠠᠢ ᠵᠣᠭᠰᠣᠭᠠᠨ᠎ᠠ ᠭᠡᠪᠡ᠃

ᠰᠡᠳᠬᠢᠭᠳᠡᠯ ᠦᠯᠡᠳᠡᠭᠡᠬᠦ