ᠡᠯᠴᠢᠨ ᠰᠠᠶᠢᠳ ᠮ ∙ ᠴᠡᠩᠭᠡᠭ ᠢᠲᠡᠭᠡᠮᠵᠢᠯᠡᠬᠦ ᠵᠢᠭᠤᠬᠤ ᠪᠢᠴᠢᠭ ᠢᠶᠡᠨ ᠪᠠᠷᠢᠪᠠ | News.MN

ᠡᠯᠴᠢᠨ ᠰᠠᠶᠢᠳ ᠮ ∙ ᠴᠡᠩᠭᠡᠭ ᠢᠲᠡᠭᠡᠮᠵᠢᠯᠡᠬᠦ ᠵᠢᠭᠤᠬᠤ ᠪᠢᠴᠢᠭ ᠢᠶᠡᠨ ᠪᠠᠷᠢᠪᠠ

ᠮᠣᠩᠭᠣᠯ ᠤᠯᠤᠰ ᠠᠴᠠ ᠪᠦᠭᠦᠳᠡ ᠨᠠᠶᠢᠷᠠᠮᠳᠠᠬᠤ ᠠᠦ᠋ᠰᠲᠷᠢᠶ᠎ᠠ ᠤᠯᠤᠰ ᠲᠤ ᠰᠠᠭᠤᠬᠤ ᠡᠯᠴᠢᠨ ᠰᠠᠶᠢᠳ ᠮ ∙ ᠴᠡᠩᠭᠡᠭ 2022 ᠣᠨ ᠤ ᠨᠢᠭᠡᠳᠦᠭᠡᠷ ᠰᠠᠷ᠎ᠠ ᠶᠢᠨ 12  ᠤ ᠡᠳᠦᠷ ᠠᠦ᠋ᠰᠲᠷᠢᠶ᠎ᠠ ᠤᠯᠤᠰ ᠤᠨ ᠶᠡᠷᠦᠩᠬᠡᠶᠢᠯᠡᠭᠴᠢ ᠠᠯᠧᠺᠰᠠᠨᠳᠠᠷ ᠸᠠᠨ ᠳ᠋ᠡᠷ ᠪᠧᠯᠯᠡᠨ ᠳᠦ ᠢᠲᠡᠭᠡᠮᠵᠢᠯᠡᠬᠦ ᠵᠢᠭᠤᠬᠤ ᠪᠢᠴᠢᠭ ᠢᠶᠡᠨ ᠪᠠᠷᠢᠪᠠ᠃
ᠡᠯᠴᠢᠨ ᠰᠠᠶᠢᠳ ᠮ ∙ ᠴᠡᠩᠭᠡᠭ ᠶᠡᠷᠦᠩᠬᠡᠶᠢᠯᠡᠭᠴᠢ ᠤ᠊ ∙ ᠬᠦᠷᠡᠯᠰᠦ᠋ᠬᠡ ᠶᠢᠨ ᠮᠡᠨᠳᠦᠴᠢᠯᠡᠭᠡ ᠶᠢ ᠶᠡᠷᠦᠩᠬᠡᠶᠢᠯᠡᠭᠴᠢ ᠠᠯᠧᠺᠰᠠᠨᠳᠠᠷ ᠸᠠᠨ ᠳ᠋ᠡᠷ ᠪᠧᠯᠯᠡᠨ  ᠳᠦ ᠤᠯᠠᠮᠵᠢᠯᠠᠵᠤ᠂ ᠬᠣᠶᠠᠷ ᠤᠯᠤᠰ ᠤᠨ ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠡᠳ᠋  ᠦᠨ ᠵᠠᠰᠠᠭ᠂ ᠪᠠᠶᠢᠭᠠᠯᠢ ᠣᠷᠴᠢᠨ᠂ ᠬᠦᠮᠦᠯᠢᠭ ᠦᠨ ᠰᠠᠯᠪᠤᠷᠢ ᠨᠤᠭᠤᠳ ᠲᠤ ᠥᠷᠭᠡᠵᠢᠭᠦᠯᠬᠦ ᠲᠠᠯ᠎ᠠ ᠪᠠᠷ ᠶᠠᠷᠢᠯᠴᠠᠵᠠᠢ᠃ ᠶᠡᠷᠦᠩᠬᠡᠶᠢᠯᠡᠭᠴᠢ ᠠᠯᠧᠺᠰᠠᠨᠳᠠᠷ ᠸᠠᠨ ᠳ᠋ᠡᠷ ᠪᠧᠯᠯᠡᠨ ᠬᠣᠶᠠᠷ ᠤᠯᠤᠰ ᠤᠨ ᠬᠠᠷᠢᠯᠴᠠᠭ᠎ᠠ ᠥᠷᠭᠡᠵᠢᠨ ᠲᠡᠯᠡᠵᠦ ᠪᠠᠶᠢᠭ᠎ᠠ ᠳᠤ ᠰᠡᠳᠬᠢᠯ ᠬᠠᠩᠭᠠᠯᠤᠭᠤᠨ ᠪᠠᠶᠢᠭ᠎ᠠ ᠪᠠᠨ ᠢᠯᠡᠷᠬᠡᠶᠢᠯᠡᠵᠦ᠂ ᠠᠵᠢᠯ ᠤᠨ ᠠᠮᠵᠢᠯᠲᠠ ᠬᠦᠰᠡᠪᠡ᠃

ᠰᠡᠳᠬᠢᠭᠳᠡᠯ ᠦᠯᠡᠳᠡᠭᠡᠬᠦ