ᠢᠳᠡ ᠪᠠᠷᠢᠯᠳᠤᠵᠤ ᠪᠠᠶᠢᠭ᠎ᠠ ᠪᠥᠬᠡᠴᠦᠳ ᠦᠨ ᠮᠠᠩᠯᠠᠢ ᠶᠢ ᠢᠩᠭᠢᠵᠦ ᠵᠣᠭᠰᠣᠭᠠᠬᠤ ᠨᠢ ᠬᠠᠷᠠᠮᠰᠠᠯᠲᠠᠢ ᠪᠠᠶᠢᠨ᠎ᠠ | News.MN

ᠢᠳᠡ ᠪᠠᠷᠢᠯᠳᠤᠵᠤ ᠪᠠᠶᠢᠭ᠎ᠠ ᠪᠥᠬᠡᠴᠦᠳ ᠦᠨ ᠮᠠᠩᠯᠠᠢ ᠶᠢ ᠢᠩᠭᠢᠵᠦ ᠵᠣᠭᠰᠣᠭᠠᠬᠤ ᠨᠢ ᠬᠠᠷᠠᠮᠰᠠᠯᠲᠠᠢ ᠪᠠᠶᠢᠨ᠎ᠠ

ᠰᠢᠨ᠎ᠡ ᠦᠨᠳᠦᠰᠦᠨ ᠬᠠᠤᠯᠢ ᠶᠢᠨ 30 ᠵᠢᠯ ᠦᠨ ᠣᠢ ᠳᠤ ᠵᠣᠷᠢᠭᠤᠯᠤᠭᠰᠠᠨ ᠤᠯᠤᠰ᠂ ᠠᠶᠢᠮᠠᠭ ᠤᠨ ᠠᠯᠳᠠᠷ ᠴᠣᠯᠠ ᠲᠠᠢ 256 ᠪᠥᠬᠡ ᠶᠢᠨ ᠪᠠᠷᠢᠯᠳᠤᠭᠠᠨ ᠥᠨᠥᠳᠥᠷ ᠪᠣᠯᠵᠤ ᠪᠠᠶᠢᠨ᠎ᠠ᠃ ᠲᠡᠭᠡᠪᠡᠯ ᠲᠤᠰ ᠪᠠᠷᠢᠯᠳᠤᠭᠠᠨ ᠳᠤ ᠤᠪᠰᠤ ᠠᠶᠢᠮᠠᠭ ᠤᠨ ᠬᠣᠪᠳᠣ ᠰᠤᠮᠤ ᠶᠢᠨ ᠬᠠᠷᠢᠶᠠᠲᠤ ᠪᠥᠬᠡ᠂ ᠳᠠᠶᠠᠩ ᠠᠪᠤᠷᠭᠤ ᠨ  ᠪᠠᠲᠤᠰᠠᠭᠤᠷᠢ ᠶᠢ ᠪᠠᠷᠢᠯᠳᠤᠭᠠᠨ ᠳᠤ ᠣᠷᠤᠯᠴᠠᠭᠤᠯᠤᠭ᠎ᠠ ᠦᠭᠡᠢ ᠪᠠᠶᠢᠨ᠎ᠠ᠃ ᠤᠴᠢᠷ ᠨᠢ ᠪᠥᠬᠡ ᠶᠢᠨ ᠪᠦᠷᠢᠳᠬᠡᠯ ᠢ ᠬᠣᠶᠠᠷ ᠬᠣᠨᠣᠭ ᠤᠨ ᠡᠮᠦᠨ᠎ᠡ ᠠᠪᠤᠭᠠᠳ ᠳᠠᠭᠤᠰᠤᠭᠰᠠᠨ ᠪᠠᠢᠪᠠ᠃ ᠤᠭ ᠪᠠᠷᠢᠯᠳᠤᠭᠠᠨ ᠳᠤ ᠨ ∙ ᠪᠠᠲᠤᠰᠠᠭᠤᠷᠢ ᠠᠪᠤᠷᠭᠤ ᠪᠠᠷᠢᠯᠳᠤᠭᠰᠠᠨ ᠪᠣᠯ ᠲᠡᠭᠦᠨ ᠦ ᠰᠢᠨ᠎ᠡ ᠴᠣᠯᠠᠨ ᠤ ᠠᠩᠬᠠᠨ ᠤ ᠪᠠᠷᠢᠯᠳᠤᠭᠠᠨ ᠪᠣᠯᠬᠤ ᠪᠠᠶᠢᠪᠠ᠃

ᠡᠶᠢᠮᠦ ᠡᠴᠡ ᠳᠠᠶᠠᠩ ᠠᠪᠤᠷᠭᠤ ᠨ∙ᠪᠠᠲᠤᠰᠠᠭᠤᠷᠢ ᠮᠠᠯᠠᠭᠠᠢ ᠪᠠᠨ ᠥᠭᠴᠢᠬᠡᠭᠡᠳ ᠪᠥᠬᠡ ᠶᠢᠨ ᠥᠷᠭᠥᠭᠡ ᠶᠢ ᠣᠷᠬᠢᠨ ᠶᠠᠪᠤᠵᠠᠢ᠃ ᠲᠡᠭᠦᠨ ᠦ ᠬᠤᠪᠢ ᠳᠤ ᠥᠴᠥᠭᠡᠳᠦᠷ ᠣᠷᠣᠢ ᠥᠪᠡᠷ ᠦᠨ ᠴᠠᠬᠢᠮ ᠬᠠᠭᠤᠳᠠᠰᠤᠨ᠎ᠠ 《ᠪᠢ ᠮᠠᠷᠭᠠᠰᠢ ᠵᠣᠳᠣᠭᠯᠠᠨ᠎ᠠ》ᠭᠡᠵᠦ ᠫᠣᠰᠲ ᠣᠷᠣᠭᠤᠯᠵᠤ ᠪᠠᠶᠢᠭᠰᠠᠨ ᠶᠤᠮ᠃ ᠨ∙ᠪᠠᠲᠤᠰᠠᠭᠤᠷᠢ ᠶᠢ ᠪᠠᠷᠢᠯᠳᠤᠭᠤᠯᠤᠭ᠎ᠠ ᠦᠭᠡᠢ  ᠤᠴᠢᠷ ᠢ ᠮᠣᠩᠭᠣᠯ ᠤᠨ ᠦᠨᠳᠦᠰᠦᠨ ᠦ ᠪᠥᠬᠡ ᠶᠢᠨ ᠬᠣᠯᠪᠣᠭ᠎ᠠ ᠶᠢᠨ ᠨᠠᠷᠢᠨ ᠪᠢᠴᠢᠭ ᠦᠨ ᠳᠠᠷᠤᠭ᠎ᠠ ᠲ∙ᠲᠦᠮᠡᠨᠳᠡᠮᠪᠡᠷᠢᠯ ᠡᠴᠡ ᠲᠣᠳᠣᠷᠠᠭᠤᠯᠬᠤ ᠳᠤ᠄ ᠲᠡᠭᠦᠨ ᠢ ᠶᠠᠮᠠᠷ ᠰᠢᠯᠲᠠᠭᠠᠨ  ᠠᠴᠠ ᠪᠠᠷᠢᠯᠳᠤᠭᠤᠯᠤᠭ᠎ᠠ ᠦᠭᠡᠢ ᠶᠢ ᠮᠡᠳᠡᠬᠦ ᠦᠭᠡᠢ ᠪᠠᠶᠢᠨ᠎ᠠ ᠭᠡᠪᠡ᠃

ᠰᠡᠳᠬᠢᠭᠳᠡᠯ ᠦᠯᠡᠳᠡᠭᠡᠬᠦ