100 ᠬᠣᠨᠢ ᠬᠤᠯᠠᠭᠠᠶᠢᠯᠠᠭᠰᠠᠨ ᠪᠠᠶᠢᠵᠤ ᠪᠣᠯᠵᠣᠰᠢ ᠦᠭᠡᠢ ᠪᠦᠯᠦᠭ ᠡᠲᠡᠭᠡᠳ ᠢ ᠪᠠᠷᠢᠪᠴᠢᠯᠠᠵᠠᠢ | News.MN

100 ᠬᠣᠨᠢ ᠬᠤᠯᠠᠭᠠᠶᠢᠯᠠᠭᠰᠠᠨ ᠪᠠᠶᠢᠵᠤ ᠪᠣᠯᠵᠣᠰᠢ ᠦᠭᠡᠢ ᠪᠦᠯᠦᠭ ᠡᠲᠡᠭᠡᠳ ᠢ ᠪᠠᠷᠢᠪᠴᠢᠯᠠᠵᠠᠢ

ᠪᠤᠯᠠᠭᠠᠨ ᠠᠶᠢᠮᠠᠭ ᠤᠨ ᠨᠤᠲᠤᠭ ᠳᠡᠪᠢᠰᠬᠡᠷ ᠲᠦ ᠡᠨᠡ ᠰᠠᠷ᠎ᠠ ᠶᠢᠨ 16 ᠳᠤ 96 ᠲᠣᠭᠠᠨ ᠤ ᠬᠣᠨᠢ ᠠᠯᠳᠠᠭᠳᠠᠭᠰᠠᠨ ᠬᠡᠷᠡᠭ ᠪᠦᠷᠢᠳᠬᠡᠭᠳᠡᠭᠰᠡᠨ ᠪᠠᠶᠢᠨ᠎ᠠ᠃ ᠬᠡᠷᠡᠭ ᠦᠨ ᠮᠥᠷ ᠢᠶᠡᠷ ᠲᠤᠰ ᠠᠶᠢᠮᠠᠭ ᠳᠠᠬᠢ ᠴᠠᠭᠳᠠᠭ᠎ᠠ ᠶᠢᠨ ᠭᠠᠵᠠᠷ ᠤᠨ ᠠᠯᠪᠠ ᠬᠠᠭᠠᠭᠴᠢᠳ ᠮᠥᠷᠳᠡᠨ ᠰᠢᠯᠭᠠᠬᠤ ᠠᠵᠢᠯᠯᠠᠭ᠎ᠠ ᠶᠠᠪᠤᠭᠤᠯᠵᠠᠢ᠃
ᠤᠯᠠᠮ ᠢᠶᠠᠷ ᠳᠡᠭᠡᠷᠡᠬᠢ ᠭᠡᠮᠲᠦ ᠬᠡᠷᠡᠭ ᠢ ᠦᠢᠯᠡᠳᠦᠭᠰᠡᠨ ᠪᠠᠶᠢᠵᠤ ᠪᠣᠯᠵᠣᠰᠢ ᠦᠭᠡᠢ ᠭᠤᠷᠪᠠᠨ ᠡᠲᠡᠭᠡᠳ ᠢ ᠢᠯᠡᠷᠡᠭᠦᠯᠦᠭᠰᠡᠨ ᠪᠠᠶᠢᠨ᠎ᠠ᠃ ᠮᠠᠯ ᠤᠨ ᠬᠤᠯᠠᠭᠠᠢ ᠶᠢᠨ ᠭᠡᠮᠲᠦ ᠬᠡᠷᠡᠭ ᠨᠡᠮᠡᠭᠳᠡᠵᠦ ᠪᠤᠢ ᠲᠠᠢ ᠬᠣᠯᠪᠣᠭᠠᠲᠠᠢ ᠪᠠᠷ ᠮᠠᠯ ᠰᠦᠷᠦᠭ ᠢᠶᠡᠨ ᠪᠠᠶᠢᠩᠭᠤ ᠶᠢᠨ ᠬᠠᠷᠢᠭᠤᠯᠭ᠎ᠠ᠂ ᠮᠠᠨᠠᠭ᠎ᠠ ᠲᠠᠢ ᠪᠠᠶᠢᠯᠭᠠᠵᠤ᠂ ᠮᠠᠯ ᠬᠤᠯᠠᠭᠠᠶᠢᠯᠠᠬᠤ ᠭᠡᠮᠲᠦ ᠬᠡᠷᠡᠭ ᠡᠴᠡ ᠤᠷᠢᠳᠴᠢᠯᠠᠨ ᠰᠡᠷᠭᠡᠶᠢᠯᠡᠬᠦ ᠶᠢ ᠴᠠᠭᠳᠠᠭ᠎ᠠ ᠶᠢᠨ ᠪᠠᠶᠢᠭᠤᠯᠤᠯᠭ᠎ᠠ ᠠᠴᠠ ᠠᠩᠬᠠᠷᠤᠭᠤᠯᠤᠯ᠎ᠠ᠃

ᠰᠡᠳᠬᠢᠭᠳᠡᠯ ᠦᠯᠡᠳᠡᠭᠡᠬᠦ