2022 ᠣᠨ ᠢ ᠮᠣᠩᠭᠣᠯ᠂ ᠶᠠᠫᠣᠨ ᠤ ᠬᠡᠦᠬᠡᠳ ᠵᠠᠯᠠᠭᠤᠰ ᠤᠨ ᠵᠢᠯ ᠪᠣᠯᠭᠠᠨ ᠵᠠᠷᠯᠠᠪᠠ | News.MN

2022 ᠣᠨ ᠢ ᠮᠣᠩᠭᠣᠯ᠂ ᠶᠠᠫᠣᠨ ᠤ ᠬᠡᠦᠬᠡᠳ ᠵᠠᠯᠠᠭᠤᠰ ᠤᠨ ᠵᠢᠯ ᠪᠣᠯᠭᠠᠨ ᠵᠠᠷᠯᠠᠪᠠ

ᠮᠣᠩᠭᠣᠯ ᠤᠯᠤᠰ᠂ ᠶᠠᠫᠣᠨ ᠤᠯᠤᠰ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠶᠢ ᠲᠡᠮᠳᠡᠭᠯᠡᠬᠦ ᠬᠦᠷᠢᠶᠡᠨ ᠳᠦ ᠲᠥᠯᠥᠪᠯᠡᠭᠰᠡᠨ ᠠᠵᠢᠯ ᠢᠶᠠᠨ ᠥᠨᠥᠳᠥᠷ ᠡᠴᠡ ᠡᠬᠢᠯᠡᠭᠦᠯᠵᠦ ᠪᠤᠢ ᠲᠠᠯ᠎ᠠ ᠪᠠᠷ ᠭᠠᠳᠠᠭᠠᠳᠤ ᠬᠠᠷᠢᠯᠴᠠᠭᠠᠨ ᠤ ᠶᠠᠮᠤᠨ ᠪᠣᠯᠤᠨ ᠶᠠᠫᠣᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠲᠠᠢ ᠬᠠᠮᠲᠤᠷᠠᠨ ᠮᠡᠳᠡᠭᠡᠯᠡᠪᠡ᠃ ᠶᠠᠫᠣᠨ ᠤᠯᠤᠰ ᠨᠢ ᠮᠣᠩᠭᠣᠯ ᠤᠯᠤᠰ ᠤᠨ ᠭᠤᠷᠪᠠᠳᠠᠭᠴᠢ ᠬᠥᠷᠰᠢ ᠪᠥᠭᠡᠳ 1990 ᠣᠨ ᠠᠴᠠ ᠬᠣᠶᠠᠷ ᠣᠷᠣᠨ ᠤ ᠬᠠᠷᠢᠯᠴᠠᠭ᠎ᠠ ᠡᠷᠴᠢᠮ ᠲᠡᠢ ᠬᠥᠭᠵᠢᠵᠦ ᠪᠥᠰᠡ ᠨᠤᠲᠤᠭ ᠤᠨ ᠬᠡᠮᠵᠢᠶᠡᠨ ᠳᠦ ᠬᠠᠮᠲᠤᠷᠠᠨ ᠠᠵᠢᠯᠯᠠᠬᠤ ᠪᠣᠯᠤᠭᠰᠠᠨ ᠢ ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠪ ∙ ᠮᠥᠩᠬᠡᠵᠢᠨ ᠮᠡᠳᠡᠭᠡᠯᠡᠯ ᠦᠨ ᠡᠬᠢᠨ ᠳᠦ  ᠲᠤᠳᠤᠳᠬᠠᠯ᠎ᠠ᠃ ᠲᠡᠷᠡᠪᠡᠷ᠂ ᠵᠠᠰᠠᠭ ᠤᠨ ᠭᠠᠵᠠᠷ ᠠᠴᠠ 2022 ᠣᠨ ᠢ ᠮᠣᠩᠭᠣᠯ᠂ ᠶᠠᠫᠣᠨ ᠤ ᠬᠡᠦᠬᠡᠳ ᠵᠠᠯᠠᠭᠤᠰ ᠤᠨ ᠨᠠᠶᠢᠷᠠᠮᠳᠠᠯ᠂ ᠰᠣᠯᠢᠯᠴᠠᠭᠠᠨ ᠤ ᠵᠢᠯ ᠪᠣᠯᠭᠠᠨ ᠵᠠᠷᠯᠠᠵᠤ᠂ ᠳ᠋ᠢᠫᠯᠣᠮᠠᠲ ᠬᠠᠷᠢᠯᠴᠠᠭᠠᠨ ᠤ ᠣᠢ ᠶᠢ ᠲᠡᠮᠳᠡᠭᠯᠡᠨ ᠥᠩᠭᠡᠷᠡᠭᠦᠯᠬᠦ ᠠᠵᠢᠯ ᠤᠨ ᠪᠠᠭ ᠪᠠᠶᠢᠭᠤᠯᠤᠭᠰᠠᠨ ᠢ ᠲᠡᠮᠳᠡᠭᠯᠡᠪᠡ᠃
ᠲᠤᠰ ᠣᠢ ᠶᠢᠨ ᠬᠦᠷᠢᠶᠡᠨ ᠳᠦ ᠥᠨᠳᠥᠷ ᠳᠡᠭᠡᠳᠦ ᠬᠡᠮᠵᠢᠶᠡᠨ ᠦ ᠬᠠᠷᠢᠯᠴᠠᠨ ᠠᠶᠢᠯᠴᠢᠯᠠᠯ᠂ ᠡᠷᠳᠡᠮ ᠰᠢᠨᠵᠢᠯᠡᠭᠡᠨ ᠦ ᠬᠤᠷᠠᠯ᠂ ᠬᠦᠨᠳᠦᠳᠬᠡᠯ ᠦᠨ ᠬᠤᠷᠠᠯ᠂ ᠬᠡᠦᠬᠡᠳ ᠵᠠᠯᠠᠭᠤᠰ ᠤᠨ ᠰᠣᠯᠢᠯᠴᠠᠭᠠᠨ ᠤ ᠬᠥᠲᠥᠯᠪᠦᠷᠢ ᠵᠣᠬᠢᠶᠠᠨ ᠪᠠᠶᠢᠭᠤᠯᠬᠤ ᠠᠴᠠ ᠭᠠᠳᠠᠨ᠎ᠠ ᠭᠡᠷᠡᠯ ᠵᠢᠷᠤᠭ ᠤᠨ ᠦᠵᠡᠰᠬᠦᠯᠡᠩ᠂ ᠮᠠᠷᠺ ᠭᠠᠷᠭᠠᠬᠤ᠂ ᠨᠣᠮ ᠬᠡᠪᠯᠡᠬᠦ ᠵᠡᠷᠭᠡ ᠪᠡᠷ ᠬᠠᠮᠲᠤᠷᠠᠨ ᠠᠵᠢᠯᠯᠠᠬᠤ ᠪᠠᠷ ᠲᠥᠯᠥᠪᠯᠡᠭᠡᠳ ᠪᠤᠢ ᠶᠢ ᠭᠠᠳᠠᠭᠠᠳᠤ ᠬᠠᠷᠢᠯᠴᠠᠭᠠᠨ ᠤ ᠰᠠᠶᠢᠳ ᠳᠡᠳ᠋ ᠰᠠᠶᠢᠳ ᠪ ∙ ᠮᠥᠩᠬᠡᠵᠢᠨ ᠣᠨᠴᠠᠯᠠᠯ᠎ᠠ᠃
ᠮᠣᠩᠭᠣᠯ ᠤᠯᠤᠰ᠂ ᠶᠠᠫᠣᠨ ᠤᠯᠤᠰ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠨ ᠣᠢ ᠬᠣᠶᠠᠳᠤᠭᠠᠷ ᠰᠠᠷ᠎ᠠ ᠶᠢᠨ 24  ᠳᠦ ᠲᠣᠬᠢᠶᠠᠬᠤ ᠶᠤᠮ᠃ ᠴᠠᠷ᠎ᠠ ᠲᠠᠬᠤᠯ ᠤᠨ ᠨᠥᠬᠥᠴᠡᠯ ᠪᠠᠶᠢᠳᠠᠯ ᠦᠷᠭᠦᠯᠵᠢᠯᠡᠵᠦ ᠪᠠᠶᠢᠭ᠎ᠠ ᠴᠤ ᠨᠥᠬᠥᠴᠡᠯ ᠪᠠᠶᠢᠳᠠᠯ ᠰᠠᠶᠢᠵᠢᠷᠠᠪᠠᠯ ᠠᠯᠢ ᠪᠣᠯᠬᠤ ᠣᠯᠠᠨ ᠠᠵᠢᠯ ᠬᠡᠷᠡᠭᠵᠢᠭᠦᠯᠬᠦ ᠶᠢ ᠵᠣᠷᠢᠵᠤ ᠪᠤᠢ ᠶᠢ ᠶᠠᠫᠣᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠬ ∙ ᠺᠣᠪᠠᠶᠠᠰᠢ ᠲᠡᠮᠳᠡᠭᠯᠡᠪᠡ᠃ ᠲᠤᠬᠠᠶᠢᠯᠠᠪᠠᠯ᠂ ᠨᠠᠢ᠌ᠮᠠᠳᠤᠭᠠᠷ ᠰᠠᠷ᠎ᠠ ᠶᠢᠨ 20-21  ᠳᠦ ᠶᠠᠫᠣᠨ ᠤ ᠤᠷᠠᠯᠢᠭ᠂ ᠰᠤᠶᠤᠯ ᠤᠨ ᠬᠢᠨ ᠤ ᠲᠣᠭᠯᠠᠯᠲᠠ᠂ 《ᠶᠠᠫᠣᠨ ᠤ ᠺᠢᠨᠣ᠋ ᠡᠳᠦᠷ ᠦᠳ》  ᠢ ᠮᠣᠩᠭᠣᠯ ᠤᠯᠤᠰ ᠲᠤ ᠵᠣᠬᠢᠶᠠᠨ ᠪᠠᠶᠢᠭᠤᠯᠬᠤ ᠲᠥᠯᠥᠪᠯᠡᠭᠡ ᠲᠡᠢ ᠪᠠᠶᠢᠭ᠎ᠠ ᠶᠢ ᠬᠡᠯᠡᠯ᠎ᠡ᠃

ᠰᠡᠳᠬᠢᠭᠳᠡᠯ ᠦᠯᠡᠳᠡᠭᠡᠬᠦ