ᠰᠢᠳᠠᠷ ᠰᠠᠶᠢᠳ ᠰ∙ᠠᠮᠤᠷᠰᠠᠶᠢᠬᠠᠨ 01.14 ᠳᠦ ᠬᠥᠰᠢᠭ ᠦᠨ ᠬᠥᠨᠳᠡᠢ ᠶᠢᠨ ᠡᠳ᠋ ᠦᠨ ᠵᠠᠰᠠᠭ ᠤᠨ ᠴᠢᠯᠦᠭᠡᠲᠦ ᠪᠥᠰᠡ ᠪᠠᠶᠢᠭᠤᠯᠬᠤ ᠲᠤᠬᠠᠢ ᠲᠣᠭᠲᠠᠭᠠᠯ ᠤᠨ ᠲᠥᠰᠥᠯ ᠢ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠳᠤ ᠡᠷᠭᠦᠨ ᠮᠡᠳᠡᠭᠦᠯᠦᠯ᠎ᠡ᠃ ᠤᠯᠤᠰ ᠤᠨ ᠶᠡᠬᠡ ᠬᠤᠷᠠᠯ ᠤᠨ 2020 ᠣᠨ ᠤ 52 ᠳ᠋ᠤᠭᠠᠷ ᠲᠣᠭᠲᠠᠭᠠᠯ ᠢᠶᠠᠷ ᠪᠠᠲᠤᠯᠠᠭᠰᠠᠨ 《ᠠᠯᠤᠰ ᠤᠨ ᠬᠠᠷᠠᠭ᠎ᠠ – 2050》 ᠮᠣᠩᠭᠣᠯ ᠤᠯᠤᠰ ᠤᠨ ᠤᠷᠲᠤ ᠬᠤᠭᠤᠴᠠᠭᠠᠨ ᠤ ᠬᠥᠭᠵᠢᠯ ᠦᠨ ᠪᠣᠳᠣᠯᠭ᠎ᠠ ᠶᠢᠨ ᠪᠠᠷᠢᠮᠲᠠ ᠪᠢᠴᠢᠭ ᠦᠨ ᠵᠣᠷᠢᠯᠲᠠ 9.5᠂ 4.5᠂ 4.5.14 ᠳᠦ ᠲᠤᠰᠬᠠᠭᠰᠠᠨ ᠤ ᠳᠠᠭᠠᠤ᠂ ᠮᠥᠨ ᠤᠯᠤᠰ ᠤᠨ ᠶᠡᠬᠡ ᠬᠤᠷᠠᠯ ᠤᠨ 2020 ᠣᠨ ᠤ 24 ᠳ᠋ᠤᠭᠡᠷ ᠲᠣᠭᠲᠠᠭᠠᠯ ᠢᠶᠠᠷ ᠪᠠᠲᠤᠯᠠᠭᠰᠠᠨ《ᠮᠣᠩᠭᠣᠯ ᠤᠯᠤᠰ ᠤᠨ ᠵᠠᠰᠠᠭ ᠤᠨ ᠭᠠᠵᠠᠷ ᠤᠨ 2020-2024 ᠣᠨ ᠤ ᠦᠢᠯᠡ ᠠᠵᠢᠯᠯᠠᠭᠠᠨ ᠤ ᠬᠥᠲᠥᠯᠪᠦᠷᠢ》 ᠳᠤ ᠵᠢᠭᠠᠭᠰᠠᠨ ᠤ ᠳᠠᠭᠠᠤ ᠡᠨᠡ ᠲᠦᠰᠦᠯ ᠢ ᠶᠡᠬᠡ ᠬᠤᠷᠠᠯ ᠳᠤ ᠡᠷᠭᠦᠨ ᠮᠡᠳᠡᠭᠦᠯᠵᠦ ᠪᠠᠢᠨ᠎ᠠ᠃
ᠬᠥᠰᠢᠭ ᠦᠨ ᠬᠥᠨᠳᠡᠢ ᠳᠦ ᠡᠳ᠋ ᠦᠨ ᠵᠠᠰᠠᠭ ᠤᠨ ᠴᠢᠯᠦᠭᠡᠲᠦ ᠪᠥᠰᠡ ᠪᠠᠶᠢᠭᠤᠯᠤᠭᠰᠠᠨ ᠢᠶᠠᠷ᠄ ᠨᠡᠭᠦᠳᠡᠯ ᠦᠨ ᠰᠤᠶᠤᠯ ᠤᠨ ᠦᠨᠡᠲᠦ ᠵᠦᠢᠯᠡᠰ ᠢ ᠬᠠᠷᠠᠭᠤᠯᠤᠭᠰᠠᠨ ᠠᠶᠠᠯᠠᠯ ᠵᠢᠭᠤᠯᠴᠢᠯᠠᠯ᠂ ᠲᠦᠯᠦᠪᠦᠷᠢᠲᠦ ᠲᠠᠭᠠᠪᠤᠷᠢ ᠪᠤᠰᠤᠳ ᠪᠤᠭᠤᠴᠠᠭᠠᠲᠤ ᠲᠣᠭᠯᠠᠭᠠᠮ᠂ ᠳᠠᠭᠠᠯᠳᠤᠬᠤ ᠦᠢᠯᠡᠴᠢᠯᠡᠭᠡ᠂ ᠰᠤᠶᠤᠯ ᠤᠨ ᠪᠦᠲᠦᠭᠡᠯᠴᠢ ᠦᠢᠯᠡᠳᠪᠦᠷᠢᠯᠡᠯ᠂ ᠬᠤᠳᠠᠯᠳᠤᠭ᠎ᠠ᠂ ᠣᠯᠠᠨ ᠤᠯᠤᠰ ᠤᠨ ᠪᠠᠩᠬᠢ ᠰᠠᠩᠬᠦᠦ ᠶᠢᠨ ᠲᠥᠪ ᠪᠦᠬᠦᠢ ᠠᠶᠠᠯᠠᠯ ᠵᠢᠭᠤᠯᠴᠢᠯᠠᠯ᠂ ᠪᠢᠽᠢᠨ᠋ᠧᠰ᠂ ᠡᠳ᠋ ᠦᠨ ᠵᠠᠰᠠᠭ ᠤᠨ ᠪᠦᠰᠡ ᠲᠡᠢ ᠪᠣᠯᠬᠤ᠂ ᠰᠢᠨᠵᠢᠯᠡᠬᠦ ᠤᠬᠠᠭᠠᠨ᠂ ᠳᠡᠪᠰᠢᠯᠲᠡᠲᠦ ᠲᠧᠭᠨᠣᠯᠣᠭᠢ᠂ ᠬᠢᠮᠡᠯ ᠣᠶᠤᠨ ᠤᠬᠠᠭᠠᠨ ᠳᠤ ᠰᠠᠭᠤᠷᠢᠯᠠᠭᠰᠠᠨ ᠡᠺᠰᠫᠣᠷᠲ ᠤᠨ ᠪᠠᠷᠢᠮᠵᠢᠶ᠎ᠠ ᠲᠠᠢ ᠦᠢᠯᠡᠳᠪᠦᠷᠢᠯᠡᠯ᠂ ᠢᠨᠨᠤᠸᠠᠼ ᠤᠨ ᠪᠥᠰᠡ ᠪᠤᠢ ᠪᠣᠯᠬᠤ᠂ ᠠᠽᠢᠶ᠎ᠠ-ᠧᠦ᠋ᠷᠣᠫᠠ ᠶᠢ ᠬᠣᠯᠪᠣᠭᠰᠠᠨ ᠭᠠᠵᠠᠷ ᠵᠦᠢ ᠶᠢᠨ ᠪᠠᠶᠢᠷᠢᠰᠢᠯ ᠤᠨ ᠳᠠᠪᠠᠭᠤ ᠲᠠᠯ᠎ᠠ ᠪᠠᠨ ᠠᠰᠢᠭᠯᠠᠨ ᠬᠤᠳᠠᠯᠳᠤᠭ᠎ᠠ᠂ ᠲᠡᠭᠡᠭᠡᠪᠦᠷᠢ ᠶᠢ ᠬᠥᠩᠭᠡᠪᠴᠢᠯᠡᠬᠦ᠂ ᠬᠥᠷᠥᠩᠭᠡ ᠣᠷᠣᠭᠤᠯᠤᠯᠲᠠ ᠶᠢ ᠳᠡᠮᠵᠢᠭᠰᠡᠨ ᠰᠠᠩᠬᠦᠦ ᠡᠳ᠋ ᠦᠨ ᠵᠠᠰᠠᠭ ᠤᠨ ᠵᠠᠩᠭᠢᠯᠠᠭ᠎ᠠ 《 ᠲᠷᠠᠨᠽᠢᠲ ᠮᠣᠩᠭᠣᠯ ᠤᠯᠤᠰ》 ᠪᠣᠯᠬᠤ ᠵᠡᠷᠭᠡ ᠣᠯᠠᠨ ᠪᠣᠯᠤᠮᠵᠢ ᠪᠥᠷᠢᠳᠦᠨ᠎ᠡ ᠭᠡᠵᠦ ᠦᠵᠡᠵᠦ ᠪᠠᠶᠢᠨ᠎ᠠ᠃