ᠠᠮᠧᠷᠢᠺᠠ ᠶᠢᠨ ᠰᠤᠶᠤᠯ ᠮᠡᠳᠡᠭᠡᠯᠡᠯ ᠦᠨ ᠲᠥᠪ ᠲᠦ ᠲᠧᠭᠨᠣᠯᠣᠭᠢ ᠶᠢᠨ ᠰᠢᠨᠡᠴᠢᠯᠡᠯ ᠬᠢᠯ᠎ᠡ | News.MN

ᠠᠮᠧᠷᠢᠺᠠ ᠶᠢᠨ ᠰᠤᠶᠤᠯ ᠮᠡᠳᠡᠭᠡᠯᠡᠯ ᠦᠨ ᠲᠥᠪ ᠲᠦ ᠲᠧᠭᠨᠣᠯᠣᠭᠢ ᠶᠢᠨ ᠰᠢᠨᠡᠴᠢᠯᠡᠯ ᠬᠢᠯ᠎ᠡ

ᠠᠮᠧᠷᠢᠺᠠ ᠶᠢᠨ ᠡᠯᠴᠢᠨ ᠰᠠᠶᠢᠳ ᠤᠨ ᠶᠠᠮᠤᠨ ᠤ ᠬᠥᠷᠥᠩᠭᠡ ᠣᠷᠣᠭᠤᠯᠤᠯᠲᠠ ᠪᠠᠷ ᠤᠪᠰᠤ ᠠᠶᠢᠮᠠᠭ ᠤᠨ ᠲᠥᠪ ᠨᠣᠮ ᠤᠨ ᠰᠠᠩ ᠤᠨ ᠳᠡᠷᠭᠡᠳᠡᠬᠢ ᠠᠮᠧᠷᠢᠺᠠ ᠶᠢᠨ ᠰᠤᠶᠤᠯ ᠮᠡᠳᠡᠭᠡᠯᠡᠯ ᠦᠨ ᠲᠥᠪ ᠲᠦ ᠥᠨᠥᠳᠥᠷ ᠲᠧᠭᠨᠣᠯᠣᠭᠢ ᠶᠢᠨ ᠰᠢᠨᠡᠴᠢᠯᠡᠯ ᠬᠢᠯ᠎ᠡ᠃ ᠢᠩᠭᠢᠭᠰᠡᠨ ᠢᠶᠡᠷ ᠲᠤᠰ ᠲᠥᠪ ᠢᠶᠡᠷ ᠦᠢᠯᠡᠴᠢᠯᠡᠭᠦᠯᠦᠭᠴᠢᠳ ᠴᠠᠬᠢᠮ ᠣᠷᠴᠢᠨ ᠠᠴᠠ ᠬᠡᠷᠡᠭᠴᠡᠭᠡᠲᠦ ᠮᠡᠳᠡᠭᠡ ᠮᠡᠳᠡᠭᠡᠯᠡᠯ ᠢᠶᠡᠨ ᠴᠠᠭ ᠬᠤᠭᠤᠴᠠᠭ᠎ᠠ ᠠᠯᠳᠠᠬᠤ ᠦᠭᠡᠢ ᠪᠡᠷ ᠲᠦᠷᠭᠡᠨ ᠰᠢᠭᠤᠷᠬᠠᠢ᠂ ᠦᠨ᠎ᠡ ᠲᠥᠯᠦᠪᠦᠷᠢ ᠦᠭᠡᠢ ᠪᠡᠷ ᠠᠪᠬᠤ ᠪᠣᠯᠤᠮᠵᠢ ᠲᠠᠢ ᠪᠣᠯᠤᠭᠰᠠᠨ ᠪᠠᠶᠢᠨ᠎ᠠ᠃ ᠡᠨᠡ ᠲᠠᠯ᠎ᠠ ᠪᠠᠷ ᠠᠮᠧᠷᠢᠺᠠ ᠶᠢᠨ ᠨᠢᠭᠡᠳᠦᠭᠰᠡᠨ ᠤᠯᠤᠰ ᠤᠨ ᠡᠯᠴᠢᠨ ᠰᠠᠶᠢᠳ ᠤᠨ ᠶᠠᠮᠤᠨ ᠤ ᠮᠡᠳᠡᠭᠡᠯᠡᠯ ᠲᠧᠭᠨᠣᠯᠣᠭᠢ ᠶᠢᠨ ᠢᠨᠵᠧᠨᠧᠷ ᠭ ∙ ᠶᠢᠰᠦᠲᠦᠪᠤᠯᠤᠳ ᠠᠴᠠ ᠳᠠᠷᠠᠭᠠᠬᠢ ᠲᠣᠳᠣᠷᠠᠭᠤᠯᠭ᠎ᠠ ᠶᠢ ᠠᠪᠤᠯ᠎ᠠ᠃
《ᠮᠠᠨ ᠤ ᠬᠢ ᠤᠯᠠᠭᠠᠨᠪᠠᠭᠠᠲᠤᠷ ᠬᠣᠲᠠ ᠪᠣᠯᠤᠨ ᠳᠥᠷᠪᠡᠨ ᠠᠶᠢᠮᠠᠭ ᠲᠤ ᠠᠮᠧᠷᠢᠺᠠ ᠶᠢᠨ ᠰᠤᠶᠤᠯ ᠮᠡᠳᠡᠭᠡᠯᠡᠯ ᠦᠨ ᠲᠥᠪ ᠢ ᠠᠵᠢᠯᠯᠠᠭᠤᠯᠳᠠᠭ᠃ ᠰᠡᠭᠦᠯ ᠦᠨ ᠬᠣᠶᠠᠷ ᠵᠢᠯ ᠴᠠᠬᠢᠮ ᠣᠷᠴᠢᠨ ᠢ ᠲᠦᠯᠬᠢᠭᠦᠦ ᠠᠰᠢᠭᠯᠠᠨ ᠠᠵᠢᠯ ᠢᠶᠠᠨ ᠡᠷᠴᠢᠮᠵᠢᠭᠦᠯᠬᠦ ᠶᠢᠨ ᠲᠤᠯᠠᠳᠠ ᠤᠪᠰᠤ ᠠᠶᠢᠮᠠᠭ ᠤᠨ ᠲᠥᠪ ᠨᠣᠮ ᠤᠨ ᠰᠠᠩ ᠤᠨ ᠳᠡᠷᠭᠡᠳᠡᠬᠢ ᠠᠮᠧᠷᠢᠺᠠ ᠶᠢᠨ ᠰᠤᠶᠤᠯ ᠮᠡᠳᠡᠭᠡᠯᠡᠯ ᠦᠨ ᠲᠥᠪ ᠲᠦ ᠪᠣᠯᠤᠨ ᠪᠤᠰᠤᠳ ᠲᠥᠪ ᠦᠳ ᠲᠦ ᠲᠧᠭᠨᠣᠯᠣᠭᠢ ᠶᠢᠨ ᠰᠢᠨᠡᠴᠢᠯᠡᠯ ᠬᠢᠵᠦ ᠪᠠᠶᠢᠨ᠎ᠠ᠃
ᠬᠡᠦᠬᠡᠳ᠂ ᠵᠠᠯᠠᠭᠤᠴᠤᠳ ᠬᠠᠮᠢᠭ᠎ᠠ ᠣᠷᠣᠰᠢᠨ ᠰᠠᠭᠤᠵᠤ ᠪᠤᠢ ᠨᠢ ᠴᠢᠬᠤᠯᠠ ᠪᠢᠰᠢ᠂ ᠭᠠᠵᠠᠷ ᠵᠦᠢ ᠶᠢᠨ ᠠᠯᠤᠰᠯᠠᠭᠳᠠᠮᠠᠯ ᠪᠠᠶᠢᠳᠠᠯ ᠢ ᠠᠷᠢᠯᠭᠠᠶ᠎ᠠ ᠭᠡᠰᠡᠨ ᠵᠣᠷᠢᠯᠭ᠎ᠠ ᠪᠢᠳᠡ ᠲᠠᠯᠪᠢᠭᠰᠠᠨ᠃ ᠪᠢᠳᠡ ᠮᠠᠰᠢ ᠥᠨᠳᠥᠷ ᠬᠤᠷᠳᠤᠨ ᠤ ᠮᠣᠪᠢᠺᠣᠮ ᠤᠨ ᠢᠨᠲᠸᠷᠨᠧᠲ ᠢ ᠰᠣᠩᠭᠣᠭᠰᠠᠨ᠃ ᠡᠨᠡ ᠬᠦ ᠥᠨᠳᠥᠷ ᠬᠤᠷᠳᠤᠨ ᠤ ᠢᠨᠲᠸᠷᠨᠧᠲ  ᠢ ᠤᠪᠰᠤ ᠠᠶᠢᠮᠠᠭ ᠲᠤ ᠣᠳᠣ ᠪᠠᠷ ᠠᠶᠢᠮᠠᠭ ᠤᠨ ᠴᠠᠭᠳᠠᠭ᠎ᠠ ᠶᠢᠨ ᠭᠠᠵᠠᠷ ᠪᠣᠯᠤᠨ ᠨᠢᠭᠡᠳᠦᠭᠰᠡᠨ ᠡᠮᠨᠡᠯᠭᠡ ᠦᠢᠯᠡ ᠠᠵᠢᠯᠯᠠᠭᠠᠨ ᠳᠤ ᠪᠠᠨ ᠬᠡᠷᠡᠭᠯᠡᠵᠦ ᠪᠠᠶᠢᠭ᠎ᠠ ᠭᠡᠰᠡᠨ ᠭᠡᠵᠦ ᠲᠡᠷᠡᠪᠡᠷ ᠬᠡᠯᠡᠭᠰᠡᠨ ᠶᠤᠮ᠃

 

ᠰᠡᠳᠬᠢᠭᠳᠡᠯ ᠦᠯᠡᠳᠡᠭᠡᠬᠦ