ᠳᠤᠷᠠᠰᠬᠠᠯᠲᠤ ᠭᠠᠵᠠᠷ ᠤᠨ ᠬᠠᠮᠠᠭᠠᠯᠠᠯᠲᠠ ᠶᠢᠨ ᠵᠠᠬᠢᠷᠭᠠᠨ ᠤ ᠠᠯᠪᠠᠨ ᠬᠠᠭᠠᠭᠴᠢᠳ ᠲᠠᠢ ᠠᠭᠤᠯᠵᠠᠯ᠎ᠠ | News.MN

ᠳᠤᠷᠠᠰᠬᠠᠯᠲᠤ ᠭᠠᠵᠠᠷ ᠤᠨ ᠬᠠᠮᠠᠭᠠᠯᠠᠯᠲᠠ ᠶᠢᠨ ᠵᠠᠬᠢᠷᠭᠠᠨ ᠤ ᠠᠯᠪᠠᠨ ᠬᠠᠭᠠᠭᠴᠢᠳ ᠲᠠᠢ ᠠᠭᠤᠯᠵᠠᠯ᠎ᠠ

ᠰᠤᠶᠤᠯ ᠤᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠰ ∙ ᠤᠶᠤᠨᠪᠢᠯᠢᠭ᠌ ᠪᠤᠷᠬᠠᠨ ᠬᠠᠯᠳᠤᠨ ᠠᠭᠤᠯᠠ᠂ ᠲᠡᠭᠦᠨ ᠢ ᠬᠦᠷᠢᠶᠡᠯᠡᠭᠰᠡᠨ  ᠲᠠᠬᠢᠯᠭᠠᠲᠤ ᠭᠠᠵᠠᠷ ᠨᠤᠲᠤᠭ ᠤᠨ ᠬᠠᠮᠠᠭᠠᠯᠠᠯᠲᠠ ᠶᠢᠨ ᠵᠠᠬᠢᠷᠭ᠎ᠠ᠂ ᠮᠣᠩᠭᠣᠯ ᠠᠯᠲᠠᠢ ᠶᠢᠨ ᠬᠠᠳᠠᠨ ᠤ ᠵᠢᠷᠤᠭ ᠤᠨ ᠴᠣᠭᠴᠠᠯᠠᠪᠤᠷᠢ ᠶᠢᠨ ᠬᠠᠮᠠᠭᠠᠯᠠᠯᠲᠠ ᠶᠢᠨ ᠵᠠᠬᠢᠷᠭᠠᠨ ᠤ ᠠᠯᠪᠠᠨ ᠬᠠᠭᠠᠭᠴᠢᠳ ᠲᠠᠢ ᠠᠭᠤᠯᠵᠠᠪᠠ᠃
︽ᠰᠣᠶᠣᠯ ᠤᠨ ᠥᠪ ᠢ ᠬᠠᠮᠠᠭᠠᠯᠠᠬᠤ ᠲᠤᠬᠠᠢ︾ᠬᠠᠤᠯᠢ ᠶᠢᠨ 13.1.3 ᠳᠦ ᠲᠤᠰᠬᠠᠭᠰᠠᠨ ᠢᠶᠠᠷ ᠰᠣᠶᠣᠯ ᠤᠨ ᠠᠰᠠᠭᠤᠳᠠᠯ ᠡᠷᠬᠢᠯᠡᠭᠰᠡᠨ ᠲᠥᠷᠦ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠰᠣᠶᠣᠯ ᠤᠨ ᠥᠪ ᠦᠨ ᠳᠤᠷᠠᠰᠬᠠᠯᠲᠤ ᠭᠠᠵᠠᠷ ᠤᠨ ᠬᠠᠮᠠᠭᠠᠯᠠᠯᠲᠠ ᠶᠢᠨ ᠵᠠᠬᠢᠷᠭ᠎ᠠ ᠪᠠᠶᠢᠭᠤᠯᠤᠨ ᠠᠵᠢᠯᠯᠠᠬᠤ ᠲᠤᠬᠠᠢ ᠵᠢᠭᠠᠭᠰᠠᠨ ᠪᠠᠶᠢᠳᠠᠭ᠃ ᠡᠭᠦᠨ ᠦ ᠳᠠᠭᠠᠤ ᠮᠣᠩᠭᠣᠯ ᠠᠯᠲᠠᠢ ᠶᠢᠨ ᠬᠠᠳᠠᠨ ᠤ ᠵᠢᠷᠤᠭ ᠤᠨ ᠴᠣᠭᠴᠠᠯᠠᠪᠤᠷᠢ ᠶᠢᠨ ᠬᠠᠮᠠᠭᠠᠯᠠᠯᠲᠠ ᠶᠢᠨ ᠵᠠᠬᠢᠷᠭ᠎ᠠ᠂ ᠪᠤᠷᠬᠠᠨ ᠬᠠᠯᠳᠤᠨ ᠠᠭᠤᠯᠠ᠂ ᠲᠡᠭᠦᠨ ᠢ ᠬᠦᠷᠢᠶᠡᠯᠡᠭᠰᠡᠨ ᠲᠠᠬᠢᠯᠭᠠᠲᠤ ᠭᠠᠵᠠᠷ ᠨᠤᠲᠤᠭ ᠤᠨ ᠬᠠᠮᠠᠭᠠᠯᠠᠯᠲᠠ ᠶᠢᠨ ᠵᠠᠬᠢᠷᠭ᠎ᠠ ᠲᠤᠰ ᠲᠤᠰ ᠪᠠᠶᠢᠭᠤᠯᠤᠭᠳᠠᠵᠤ᠂ ᠵᠠᠬᠢᠷᠭᠠᠨ ᠤ ᠪᠦᠲᠦᠴᠡ᠂ ᠣᠷᠣᠨ ᠲᠣᠭ᠎ᠠ ᠶᠢ 12 ᠬᠦᠮᠦᠨ ᠦ ᠪᠦᠷᠢᠯᠳᠦᠬᠦᠨ ᠲᠡᠢ ᠪᠡᠷ ᠪᠠᠲᠤᠯᠠᠨ 2020 ᠣᠨ ᠠᠴᠠ ᠦᠢᠯᠡ ᠠᠵᠢᠯᠯᠠᠭ᠎ᠠ ᠪᠠᠨ ᠡᠬᠢᠯᠡᠭᠦᠯᠦᠭᠡᠳ ᠪᠠᠶᠢᠨ᠎ᠠ᠃
ᠲᠥᠷᠥ ᠶᠢᠨ ᠨᠠᠷᠢᠨ ᠪᠢᠴᠢᠭ ᠦᠨ ᠳᠠᠷᠤᠭ᠎ᠠ ᠰ ∙ ᠤᠶᠤᠨᠪᠢᠯᠢᠭ᠌ ᠶᠠᠮᠤᠨ ᠤ ᠰᠲᠷᠠᠲ᠋ᠧᠭᠢ ᠪᠣᠳᠣᠯᠭ᠎ᠠ ᠦᠢᠯᠡ ᠠᠵᠢᠯᠯᠠᠭ᠎ᠠ ᠶᠢ ᠲᠠᠨᠢᠯᠴᠠᠭᠤᠯᠵᠤ᠂ ᠳᠡᠯᠡᠬᠡᠢ ᠶᠢᠨ ᠥᠪ ᠦᠨ ᠭᠠᠵᠠᠷ ᠨᠤᠲᠤᠭ ᠢ ᠬᠠᠳᠠᠭᠠᠯᠠᠵᠤ ᠬᠠᠮᠠᠭᠠᠯᠠᠬᠤ ᠳᠤ ᠣᠯᠠᠨ ᠤᠯᠤᠰ ᠤᠨ ᠡᠮᠦᠨ᠎ᠡ ᠡᠭᠦᠷᠭᠡ ᠬᠦᠯᠢᠶᠡᠵᠦ᠂ ᠢᠳᠡᠪᠬᠢ ᠵᠢᠳᠬᠦᠯ ᠭᠠᠷᠭᠠᠨ ᠠᠵᠢᠯᠯᠠᠵᠤ ᠪᠠᠶᠢᠭ᠎ᠠ ᠬᠠᠮᠠᠭᠠᠯᠠᠯᠲᠠ ᠶᠢᠨ ᠵᠠᠬᠢᠷᠭᠠᠳ ᠤᠨ ᠨᠡᠶᠢᠲᠡ ᠠᠯᠪᠠᠨ ᠬᠠᠭᠠᠭᠴᠢᠳ ᠲᠤ ᠲᠠᠯᠠᠷᠬᠠᠯ ᠢᠯᠡᠷᠬᠡᠶᠢᠯᠡᠯ᠎ᠡ᠃
ᠰᠤᠶᠤᠯ ᠤᠨ ᠶᠠᠮᠤᠨ ᠠᠴᠠ ᠬᠠᠮᠠᠭᠠᠯᠠᠯᠲᠠ ᠶᠢᠨ ᠵᠠᠬᠢᠷᠭᠠᠳ ᠤᠨ ᠬᠦᠮᠦᠨ ᠦ ᠨᠥᠭᠡᠴᠡ᠂ ᠲᠧᠭᠨᠢᠭ ᠲᠣᠨᠣᠭ ᠲᠥᠬᠥᠭᠡᠷᠦᠮᠵᠢ᠂ ᠰᠠᠩᠬᠦᠦ ᠬᠥᠷᠥᠩᠭᠡ ᠣᠷᠣᠭᠤᠯᠤᠯᠲᠠ ᠶᠢ ᠨᠡᠮᠡᠭᠳᠡᠭᠦᠯᠬᠦ ᠳᠦ ᠠᠩᠬᠠᠷᠤᠨ ᠠᠵᠢᠯᠯᠠᠵᠤ ᠪᠠᠶᠢᠭ᠎ᠠ ᠶᠢ  ᠲᠡᠷᠡ ᠣᠨᠴᠠᠯᠠᠨ ᠲᠡᠮᠳᠡᠭᠯᠡᠵᠦ᠂ ᠪᠣᠯᠪᠠᠰᠤᠨ ᠬᠦᠴᠦᠨ ᠦ ᠴᠢᠳᠠᠪᠬᠢ ᠶᠢ ᠳᠡᠭᠡᠭᠰᠢᠯᠡᠭᠦᠯᠬᠦ᠂ ᠳᠡᠯᠡᠬᠡᠢ ᠶᠢᠨ ᠥᠪ ᠦᠨ ᠲᠠᠯᠠᠭᠠᠷᠬᠢ ᠮᠡᠳᠡᠯᠭᠡ ᠣᠶᠢᠯᠠᠭᠠᠯᠲᠠ ᠪᠣᠯᠤᠨ ᠲᠤᠬᠠᠢ ᠶᠢᠨ ᠣᠷᠣᠨ ᠨᠤᠲᠤᠭ ᠤᠨ ᠣᠷᠣᠰᠢᠨ ᠰᠠᠭᠤᠭᠴᠢᠳ ᠤᠨ ᠣᠷᠣᠯᠴᠠᠭ᠎ᠠ ᠶᠢ ᠨᠡᠮᠡᠭᠳᠡᠭᠦᠯᠬᠦ ᠳᠦ ᠠᠩᠬᠠᠷᠴᠤ ᠠᠵᠢᠯᠯᠠᠬᠤ ᠶᠢ ᠬᠠᠮᠠᠭᠠᠯᠠᠯᠲᠠ ᠶᠢᠨ ᠵᠠᠬᠢᠷᠭᠠᠨ ᠳᠤ ᠡᠭᠦᠷᠭᠡ ᠪᠣᠯᠭᠠᠪᠠ

ᠰᠡᠳᠬᠢᠭᠳᠡᠯ ᠦᠯᠡᠳᠡᠭᠡᠬᠦ