ᠮᠣᠩᠭᠣᠯ᠂ ᠴᠸᠾ ᠬᠣᠭᠣᠷᠣᠨᠳᠣ ᠨᠡᠶᠢᠭᠡᠮ ᠤᠨ ᠬᠠᠮᠠᠭᠠᠯᠠᠯ ᠤᠨ ᠬᠡᠯᠡᠯᠴᠡᠭᠡᠷ ᠢ ᠪᠠᠲᠤᠯᠠᠬᠤ ᠲᠠᠯ᠎ᠠ ᠪᠠᠷ ᠰᠠᠨᠠᠯ ᠰᠤᠯᠢᠯᠴᠠᠪᠠ | News.MN

ᠮᠣᠩᠭᠣᠯ᠂ ᠴᠸᠾ ᠬᠣᠭᠣᠷᠣᠨᠳᠣ ᠨᠡᠶᠢᠭᠡᠮ ᠤᠨ ᠬᠠᠮᠠᠭᠠᠯᠠᠯ ᠤᠨ ᠬᠡᠯᠡᠯᠴᠡᠭᠡᠷ ᠢ ᠪᠠᠲᠤᠯᠠᠬᠤ ᠲᠠᠯ᠎ᠠ ᠪᠠᠷ ᠰᠠᠨᠠᠯ ᠰᠤᠯᠢᠯᠴᠠᠪᠠ

ᠮᠣᠩᠭᠣᠯ ᠤᠯᠤᠰ ᠠᠴᠠ ᠴᠸᠾ ᠤᠯᠤᠰ ᠲᠤ ᠰᠠᠭᠤᠭ᠎ᠠ ᠡᠯᠴᠢᠨ ᠰᠠᠶᠢᠳ ᠳ ∙ ᠭᠠᠩᠰᠦ᠋ᠬᠡ ᠴᠸᠾ  ᠦᠨᠲᠥᠯᠥᠭᠡᠯᠡᠭᠴᠢᠳ ᠦᠨ ᠲᠠᠩᠬᠢᠮ ᠤᠨ ᠭᠡᠰᠢᠭᠦᠨ ᠰ∙ᠪᠧᠷᠺᠣᠸᠧᠼ ᠲᠠᠢ ᠠᠭᠤᠯᠵᠠᠪᠠ᠃ ᠠᠭᠤᠯᠵᠠᠯᠲᠠ ᠪᠠᠷ ᠡᠯᠴᠢᠨ ᠰᠠᠶᠢᠳ ᠳ∙ᠭᠠᠩᠰᠦ᠋ᠬᠡ ᠴᠸᠾ ᠦᠨ ᠲᠥᠯᠥᠭᠡᠯᠡᠭᠴᠢᠳ ᠦᠨ ᠲᠠᠩᠬᠢᠮ ᠤᠨ ᠭᠡᠰᠢᠭᠦᠨ ᠰ∙ᠪᠧᠷᠺᠣᠸᠧᠼ ᠢ ᠳᠠᠬᠢᠨ ᠰᠣᠩᠭᠣᠭᠳᠠᠭᠰᠠᠨ ᠳᠤ ᠨᠢ ᠪᠠᠶᠠᠷ ᠬᠦᠷᠭᠡᠬᠦ ᠶᠢᠨ ᠰᠠᠴᠠᠭᠤ ᠨᠡᠶᠢᠭᠡᠮ ᠤᠨ ᠬᠠᠮᠠᠭᠠᠯᠠᠯ ᠤᠨ ᠲᠤᠬᠠᠢ ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠴᠸᠾ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠢ ᠴᠸᠾ  ᠤᠨ ᠲᠥᠯᠥᠭᠡᠯᠡᠭᠴᠢᠳ ᠦᠨ ᠲᠠᠩᠬᠢᠮ ᠢᠶᠠᠷ ᠪᠠᠲᠤᠯᠠᠭᠤᠯᠬᠤ ᠶᠢᠨ ᠴᠢᠬᠤᠯᠠ ᠶᠢ ᠲᠡᠮᠳᠡᠭᠯᠡᠵᠦ᠂ ᠰᠢᠨ᠎ᠡ ᠪᠡᠷ ᠪᠠᠶᠢᠭᠤᠯᠤᠭᠳᠠᠭᠰᠠᠨ ᠫᠠᠷᠯᠠᠮᠧᠨᠲ ᠲᠤ ᠴᠸᠾ ᠂ ᠮᠣᠩᠭᠣᠯ ᠤᠨ ᠫᠠᠷᠯᠠᠮᠧᠨᠲ ᠤᠨ ᠪᠦᠯᠦᠭ ᠪᠠᠶᠢᠭᠤᠯᠬᠤ ᠪᠠᠷ ᠠᠵᠢᠯᠯᠠᠵᠤ ᠪᠠᠶᠢᠭ᠎ᠠ ᠳᠤ ᠲᠠᠯᠠᠷᠬᠠᠯ ᠢᠯᠡᠷᠬᠡᠶᠢᠯᠡᠪᠡ᠃
ᠨᠣᠶᠠᠨ ᠰ∙ᠪᠧᠷᠺᠣᠸᠧᠼ ᠴᠸᠾ ᠂ ᠮᠣᠩᠭᠣᠯ ᠤᠨ ᠫᠠᠷᠯᠠᠮᠧᠨᠲ ᠤᠨ ᠪᠦᠯᠦᠭ ᠪᠠᠶᠢᠭᠤᠯᠵᠤ᠂ ᠲᠡᠭᠦᠨ ᠢ ᠲᠡᠷᠢᠭᠦᠯᠡᠵᠦ ᠠᠵᠢᠯᠯᠠᠬᠤ ᠬᠦᠰᠡᠯᠲᠡ ᠪᠡᠨ ᠬᠣᠯᠪᠣᠭᠳᠠᠬᠤ ᠵᠢᠷᠤᠮ ᠤᠨ ᠳᠠᠭᠠᠤ ᠮᠡᠳᠡᠭᠦᠯᠦᠭᠡᠳ ᠪᠠᠶᠢᠭ᠎ᠠ᠂ ᠮᠦᠨ ᠨᠡᠶᠢᠭᠡᠮ ᠤᠨ ᠬᠠᠮᠠᠭᠠᠯᠠᠯ ᠤᠨ ᠲᠤᠬᠠᠢ ᠬᠡᠯᠡᠯᠴᠡᠭᠡᠷ ᠢ ᠪᠠᠲᠤᠯᠠᠭᠤᠯᠬᠤ ᠳᠤ ᠣᠨᠴᠠᠭᠠᠢ ᠠᠩᠬᠠᠷᠴᠤ ᠠᠵᠢᠯᠯᠠᠬᠤ ᠪᠠᠨ ᠨᠣᠲᠠᠯᠠᠪᠠ᠃ ᠠᠭᠤᠯᠵᠠᠯᠲᠠ ᠳᠤ ᠧᠦ᠋ᠷᠣᠫᠠ ᠶᠢᠨ ᠵᠠᠢ ᠠᠴᠠ ᠠᠨᠠᠭᠠᠬᠤ᠂ ᠣᠨᠣᠰᠢᠯᠠᠬᠤ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠳᠠᠭ ᠺᠣᠮᠫᠠᠨᠢ ᠶᠢᠨ ᠲᠥᠯᠥᠭᠡᠯᠡᠯ ᠣᠷᠣᠯᠴᠠᠵᠤ᠂ ᠬᠠᠮᠲᠤᠷᠠᠨ ᠠᠵᠢᠯᠯᠠᠬᠤ ᠪᠣᠯᠤᠮᠵᠢ ᠶᠢᠨ ᠲᠠᠯ᠎ᠠ ᠪᠠᠷ ᠮᠡᠳᠡᠭᠡᠯᠡᠯ᠂ ᠰᠠᠨᠠᠯ ᠰᠤᠯᠢᠯᠴᠠᠪᠠ᠃

ᠰᠡᠳᠬᠢᠭᠳᠡᠯ ᠦᠯᠡᠳᠡᠭᠡᠬᠦ