ᠬᠡᠷᠡᠭᠯᠡᠭᠡᠨ ᠦ ᠪᠠᠷᠠᠭ᠎ᠠ᠂ ᠦᠢᠯᠡᠴᠢᠯᠡᠭᠡᠨ ᠦ ᠦᠨ᠎ᠡ 13.4 ᠬᠤᠪᠢ ᠪᠠᠷ ᠥᠰᠴᠠᠢ | News.MN

ᠬᠡᠷᠡᠭᠯᠡᠭᠡᠨ ᠦ ᠪᠠᠷᠠᠭ᠎ᠠ᠂ ᠦᠢᠯᠡᠴᠢᠯᠡᠭᠡᠨ ᠦ ᠦᠨ᠎ᠡ 13.4 ᠬᠤᠪᠢ ᠪᠠᠷ ᠥᠰᠴᠠᠢ

ᠢᠨᠹᠯᠢᠶᠠᠼ ᠤᠨ ᠲᠦᠪᠰᠢᠨ ᠥᠩᠭᠡᠷᠡᠭᠰᠡᠨ ᠣᠨ ᠤ ᠡᠬᠢᠨ ᠦ ᠤᠯᠠᠷᠢᠯ ᠳᠤ 2.5 ᠬᠤᠪᠢ ᠲᠠᠢ ᠭᠠᠷᠴᠤ ᠪᠠᠶᠢᠪᠠ᠃ ᠬᠠᠷᠢᠨ ᠳᠦᠷᠪᠡᠳᠦᠭᠡᠷ ᠰᠠᠷ᠎ᠠ ᠠᠴᠠ 5.6 ᠬᠤᠪᠢ ᠪᠣᠯᠵᠤ᠂ ᠠᠷᠪᠠᠨ ᠨᠢᠭᠡᠳᠦᠭᠡᠷ ᠰᠠᠷ᠎ᠠ ᠭᠡᠬᠦ ᠳᠦ ᠬᠣᠶᠠᠷ ᠣᠷᠣᠨ ᠲᠠᠢ ᠲᠣᠭᠠᠨ ᠳᠤ ᠰᠢᠯᠵᠢᠵᠦ᠂ ᠣᠨ ᠤ ᠡᠴᠦᠰ ᠲᠦ 13.4 ᠬᠤᠪᠢ ᠳᠤ ᠬᠦᠷᠦᠭᠡᠳ ᠪᠤᠢ ᠶᠢ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶ᠎ᠠ ᠮᠡᠳᠡᠭᠡᠯᠡᠭᠰᠡᠨ᠃ ᠬᠡᠷᠡᠭᠯᠡᠭᠡᠨ ᠦ ᠪᠠᠷᠠᠭ᠎ᠠ᠂ ᠦᠢᠯᠡᠴᠢᠯᠡᠭᠡᠨ ᠦ ᠦᠨ᠎ᠡ ᠡᠮᠦᠨᠡᠬᠢ ᠣᠨ ᠤ ᠮᠥᠨ ᠦᠶ᠎ᠡ ᠡᠴᠡ 13.4 ᠬᠤᠪᠢ ᠪᠠᠷ ᠥᠰᠦᠭᠰᠡᠨ ᠨᠢ 2014 ᠣᠨ ᠤ 8 ᠳ᠋ᠤᠭᠠᠷ ᠰᠠᠷ᠎ᠠ ᠠᠴᠠ ᠬᠣᠶᠢᠰᠢᠬᠢ ᠬᠠᠮᠤᠭ ᠤᠨ ᠥᠨᠳᠥᠷ ᠲᠦᠪᠰᠢᠨ ᠪᠣᠯᠵᠤ ᠪᠠᠶᠢᠨ᠎ᠠ᠃ ᠢᠨᠹᠯᠢᠶᠠᠼ ᠲᠤ ᠮᠢᠬ᠎ᠠ᠂ ᠤᠮᠳᠠᠭᠠᠨ ᠤᠰᠤᠨ ᠤ ᠪᠦᠯᠦᠭ ᠦᠨ ᠪᠣᠯᠤᠨ ᠲᠡᠭᠡᠭᠡᠪᠦᠷᠢ ᠵᠡᠷᠭᠡ ᠰᠠᠭᠤᠷᠢ ᠦᠨ᠎ᠡ ᠶᠢᠨ ᠥᠰᠦᠯᠲᠡ᠂ ᠢᠮᠫᠣᠷᠲ ᠢᠶᠠᠷ ᠣᠷᠣᠵᠤ ᠢᠷᠡᠵᠦ ᠪᠤᠢ ᠪᠠᠷᠠᠭ᠎ᠠ᠂ ᠪᠦᠲᠦᠭᠡᠭᠳᠡᠬᠦᠨ ᠦ ᠦᠨ᠎ᠡ ᠨᠡᠮᠡᠭᠳᠡᠭᠰᠡᠨ᠂ ᠬᠢᠯᠢ ᠭᠠᠶᠢᠯᠢ ᠳᠡᠭᠡᠷ᠎ᠡ ᠲᠡᠭᠡᠭᠡᠪᠦᠷᠢ᠂ ᠯᠤᠭᠢᠰᠲ᠋ᠢᠺ ᠳᠣᠭᠣᠯᠳᠠᠵᠤ ᠪᠤᠢ ᠵᠡᠷᠭᠡ ᠡᠴᠡ ᠰᠢᠯᠲᠠᠭᠠᠯᠠᠵᠤ ᠪᠠᠶᠢᠨ᠎ᠠ᠃

ᠲᠣᠳᠣᠷᠠᠭᠤᠯᠪᠠᠯ᠂ ᠢᠨᠹᠯᠢᠶᠠᠼ ᠤᠨ 46.3 ᠬᠤᠪᠢ ᠨᠢ ᠢᠮᠫᠣᠷᠲ ᠤᠨ ᠪᠠᠷᠠᠭᠠᠨ ᠤ ᠦᠨ᠎ᠡ ᠶᠢᠨ ᠥᠰᠦᠯᠲᠡ ᠡᠴᠡ ᠰᠢᠯᠲᠠᠭᠠᠯᠠᠵᠠᠢ᠃ ᠥᠩᠭᠡᠷᠡᠭᠰᠡᠨ ᠣᠨ ᠤ 11-12 ᠳ᠋ᠤᠭᠠᠷ ᠰᠠᠷ᠎ᠠ ᠳᠤ ᠢᠨᠹᠯᠢᠶᠠᠼ ᠤᠨ 50.5 ᠬᠤᠪᠢ ᠨᠢ ᠢᠮᠫᠣᠷᠲ ᠤᠨ ᠪᠠᠷᠠᠭᠠᠨ ᠤ ᠥᠰᠦᠯᠲᠡ ᠡᠴᠡ ᠰᠢᠯᠲᠠᠭᠠᠯᠠᠭᠰᠠᠨ ᠢ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶ᠎ᠠ ᠮᠡᠳᠡᠭᠡᠯᠡᠵᠦ ᠪᠠᠶᠢᠨ᠎ᠠ᠃ ᠮᠣᠩᠭᠣᠯ ᠪᠠᠩᠭᠢᠨ ᠤ ᠬᠤᠪᠢ ᠳᠤ 2022 ᠣᠨ ᠤ ᠡᠬᠢᠨ ᠦ ᠬᠠᠭᠠᠰ ᠲᠤ ᠢᠨᠹᠯᠢᠶᠠᠼ ᠦᠷᠭᠦᠯᠵᠢᠯᠡᠨ ᠡᠷᠴᠢᠮᠵᠢᠵᠦ᠂ ᠬᠠᠷᠢᠨ ᠰᠡᠭᠦᠯ ᠦᠨ ᠬᠠᠭᠠᠰ ᠲᠤ 4-8 ᠬᠤᠪᠢ ᠳᠤ ᠲᠣᠭᠲᠠᠪᠤᠷᠢᠵᠢᠨ᠎ᠠ ᠭᠡᠰᠡᠨ ᠬᠦᠯᠢᠶᠡᠯᠲᠡ ᠲᠡᠢ ᠪᠠᠶᠢᠨ᠎ᠠ᠃

ᠰᠡᠳᠬᠢᠭᠳᠡᠯ ᠦᠯᠡᠳᠡᠭᠡᠬᠦ