ᠤᠭ᠍ᠶᠤᠲᠤᠯᠤᠭᠠᠢ ᠶᠢᠨ ᠭᠦᠨ ᠦ ᠠᠭᠤᠷᠬᠠᠢ ᠶᠢᠨ ᠦᠢᠯᠡᠳᠪᠦᠷᠢᠯᠡᠯ ᠦᠨ ᠪᠦᠲᠦᠭᠡᠨ ᠪᠠᠶᠢᠭᠤᠯᠤᠯᠲᠠ ᠡᠬᠢᠯᠡᠯ᠎ᠡ | News.MN

ᠤᠭ᠍ᠶᠤᠲᠤᠯᠤᠭᠠᠢ ᠶᠢᠨ ᠭᠦᠨ ᠦ ᠠᠭᠤᠷᠬᠠᠢ ᠶᠢᠨ ᠦᠢᠯᠡᠳᠪᠦᠷᠢᠯᠡᠯ ᠦᠨ ᠪᠦᠲᠦᠭᠡᠨ ᠪᠠᠶᠢᠭᠤᠯᠤᠯᠲᠠ ᠡᠬᠢᠯᠡᠯ᠎ᠡ

ᠮᠣᠩᠭᠣᠯ ᠤᠯᠤᠰ ᠤᠨ ᠵᠠᠰᠠᠭ ᠤᠨ ᠭᠠᠵᠠᠷ ᠤᠨ ᠰᠢᠨ᠎ᠡ ᠰᠡᠷᠭᠦᠯᠲᠡ ᠶᠢᠨ ᠪᠣᠳᠣᠯᠭ᠎ᠠ ᠶᠢᠨ ᠨᠢᠭᠡ ᠬᠡᠰᠡᠭ ᠪᠣᠯᠤᠭᠰᠠᠨ ᠤᠭ᠍ᠶᠤᠲᠤᠯᠤᠭᠠᠢ ᠶᠢᠨ ᠭᠦᠨ ᠦ ᠠᠭᠤᠷᠬᠠᠢ ᠶᠢᠨ ᠦᠢᠯᠡᠳᠪᠦᠷᠢᠯᠡᠯ ᠥᠨᠥᠳᠥᠷ ᠡᠬᠢᠯᠡᠵᠦ᠂ ᠤᠭ᠍ᠶᠤᠲᠤᠯᠤᠭᠠᠢ ᠶᠢᠨ ᠭᠦᠨ ᠦ ᠠᠭᠤᠷᠬᠠᠢ ᠶᠢᠨ ᠦᠢᠯᠡᠳᠪᠦᠷᠢᠯᠡᠯ ᠦᠨ ᠡᠬᠢᠨ ᠦ ᠱᠠᠲᠤ ᠪᠤᠶᠤ ᠠᠩᠬᠠᠨ ᠤ ᠲᠡᠰᠦᠯᠡᠭᠡ ᠬᠢᠬᠦ ᠺᠤᠮᠠᠨᠳ᠋ ᠢ ᠮᠣᠩᠭᠣᠯ ᠤᠯᠤᠰ ᠤᠨ ᠶᠡᠷᠦᠩᠬᠡᠢ ᠰᠠᠶᠢᠳ ᠯ∙ᠤᠶᠤᠡᠡᠷᠳᠡᠨᠢ᠂ ᠷᠢᠤ᠋ ᠲᠢᠨᠲ᠋ᠤ᠋ ᠭᠷᠦ᠋ᠪ ᠦᠨ ᠭᠦᠢᠴᠡᠳᠭᠡᠬᠦ ᠵᠠᠬᠢᠷᠤᠯ ᠶᠠᠺᠣᠪ ᠰᠲ᠋ᠠᠦ᠋ᠰᠾᠣᠯᠮ ᠦᠭᠭᠦᠯ᠎ᠡ᠃
ᠯ ∙ ᠤᠶᠤᠡᠡᠷᠳᠡᠨᠢ ᠬᠡᠯᠡᠭᠰᠡᠨ ᠦᠭᠡᠨ ᠳᠦ ᠪᠡᠨ᠄ ᠤᠭ᠍ᠶᠤᠲᠤᠯᠤᠭᠠᠢ  ᠶᠢᠨ ᠭᠦᠨ ᠦ ᠠᠭᠤᠷᠬᠠᠢ ᠶᠢᠨ ᠦᠢᠯᠡᠳᠪᠦᠷᠢᠯᠡᠯ ᠡᠬᠢᠯᠡᠵᠦ ᠪᠠᠶᠢᠭ᠎ᠠ ᠨᠢ ᠬᠥᠷᠦᠩᠭᠡ ᠣᠷᠣᠭᠤᠯᠤᠭᠴᠢ ᠲᠠᠯ᠎ᠠ ᠳᠤ ᠳᠠᠬᠢᠨ ᠢᠲᠡᠭᠡᠯ ᠬᠦᠯᠢᠶᠡᠯᠭᠡᠵᠦ ᠪᠤᠢ ᠮᠣᠩᠭᠣᠯ ᠤᠨ ᠠᠷᠠᠳ ᠲᠦᠮᠡᠨ ᠦ ᠴᠢᠩ ᠡᠷᠡᠮᠡᠯᠵᠡᠯ᠃ ᠭᠦᠨ ᠦ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠡᠬᠢᠯᠡᠭᠰᠡᠨ ᠢᠶᠡᠷ ᠮᠣᠩᠭᠣᠯ ᠤᠯᠤᠰ ᠬᠥᠷᠥᠩᠭᠡ ᠣᠷᠣᠭᠤᠯᠤᠭᠴᠢᠳ ᠲᠠᠢ ᠣᠶᠢᠯᠠᠭᠠᠯᠴᠠᠵᠤ᠂ ᠵᠥᠪᠰᠢᠯᠴᠡᠵᠦ᠂ ᠲᠣᠭᠲᠠᠪᠤᠷᠢᠲᠠᠢ ᠬᠠᠮᠲᠤᠷᠠᠨ ᠠᠵᠢᠯᠯᠠᠵᠤ ᠴᠢᠳᠠᠳᠠᠭ᠂ ᠬᠠᠷᠢᠯᠴᠠᠨ ᠠᠰᠢᠭᠲᠠᠢ ᠲᠦᠩᠰᠢᠯᠡᠳᠡᠭ ᠭᠡᠳᠡᠭ ᠢᠶᠡᠨ ᠳᠡᠯᠡᠬᠡᠢ ᠳ᠋ᠠᠬᠢᠨ ᠳᠤ ᠨᠣᠲᠠᠯᠠᠨ ᠬᠠᠷᠠᠭᠤᠯᠬᠤ ᠪᠠᠲᠤᠯᠠᠭ᠎ᠠ ᠪᠣᠯᠤᠨ᠎ᠠ ᠭᠡᠳᠡᠭ ᠲᠦ ᠢᠲᠡᠭᠡᠯ ᠲᠡᠢ ᠪᠠᠶᠢᠨ᠎ᠠ᠃ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠳᠡᠪᠰᠢᠭᠦᠯᠦᠭᠰᠡᠨ 《ᠰᠢᠨ᠎ᠡ ᠰᠡᠷᠭᠦᠯᠲᠡ ᠶᠢᠨ ᠪᠣᠳᠣᠯᠭ᠎ᠠ》  ᠶᠢᠨ ᠬᠦᠷᠢᠶᠡᠨ ᠳᠦ ᠴᠢᠨᠠᠭᠰᠢᠳᠠ ᠬᠥᠷᠥᠩᠭᠡ ᠣᠷᠣᠭᠤᠯᠤᠭᠴᠢᠳ᠂ ᠠᠵᠤ ᠠᠬᠤᠢ ᠶᠢᠨ ᠨᠢᠭᠡᠴᠡ ᠨᠦᠭᠦᠳ ᠲᠡᠢ ᠬᠠᠷᠢᠯᠴᠠᠨ ᠠᠰᠢᠭᠲᠠᠢ ᠢᠳᠡᠪᠬᠢᠲᠡᠢ ᠲᠦᠩᠰᠢᠯᠡᠨ ᠠᠵᠢᠯᠯᠠᠬᠤ ᠳᠤ ᠮᠣᠩᠭᠣᠯᠴᠤᠳ ᠪᠢᠳᠡ ᠪᠡᠯᠡᠨ ᠪᠠᠶᠢᠨ᠎ᠠ ᠭᠡᠯ᠎ᠡ᠃

ᠰᠡᠳᠬᠢᠭᠳᠡᠯ ᠦᠯᠡᠳᠡᠭᠡᠬᠦ