ᠶᠣᠰᠣ ᠰᠤᠷᠲᠠᠬᠤᠨ ᠦᠭᠡᠢ ᠪᠥᠬᠡᠴᠦᠳ ᠦᠨ ᠴᠣᠯᠠ ᠶᠢ ᠬᠤᠷᠢᠶᠠᠬᠤ ᠬᠦᠷᠲᠡᠯ᠎ᠡ ᠠᠷᠭ᠎ᠠ ᠬᠡᠮᠵᠢᠶ᠎ᠡ ᠠᠪᠬᠤ ᠨᠢ ᠵᠥᠪ | News.MN

ᠶᠣᠰᠣ ᠰᠤᠷᠲᠠᠬᠤᠨ ᠦᠭᠡᠢ ᠪᠥᠬᠡᠴᠦᠳ ᠦᠨ ᠴᠣᠯᠠ ᠶᠢ ᠬᠤᠷᠢᠶᠠᠬᠤ ᠬᠦᠷᠲᠡᠯ᠎ᠡ ᠠᠷᠭ᠎ᠠ ᠬᠡᠮᠵᠢᠶ᠎ᠡ ᠠᠪᠬᠤ ᠨᠢ ᠵᠥᠪ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ ᠥᠨᠥᠳᠥᠷ ᠮᠣᠩᠭᠣᠯ ᠤᠨ ᠦᠨᠳᠦᠰᠦᠨ ᠦ ᠪᠥᠬᠡ ᠶᠢᠨ ᠬᠣᠯᠪᠣᠭᠠᠨ ᠤ ᠤᠳᠤᠷᠢᠳᠤᠯᠭ᠎ᠠ  ᠨᠠᠷ ᠢ ᠬᠦᠯᠢᠶᠡᠨ ᠠᠪᠴᠤ ᠠᠭᠤᠯᠵᠠᠯ᠎ᠠ᠃ ᠮᠣᠩᠭᠣᠯ ᠤᠨ ᠲᠦᠷᠦᠲᠦ ᠶᠣᠰᠣᠨ ᠤ ᠦᠨᠡᠲᠦ ᠥᠪ᠂ ᠤᠯᠠᠮᠵᠢᠯᠠᠯ ᠪᠣᠯᠤᠭᠰᠠᠨ ᠦᠨᠳᠦᠰᠦᠨ ᠦ ᠪᠥᠬᠡ ᠪᠡᠨ ᠳᠡᠭᠡᠳᠦᠯᠡᠵᠦ᠂ ᠢᠷᠡᠭᠡᠳᠦᠢ ᠬᠣᠶᠢᠴᠢ ᠦᠶ᠎ᠡ ᠳᠦ ᠪᠡᠨ ᠦᠪᠯᠡᠭᠦᠯᠬᠦ᠂ ᠦᠵᠡᠭᠴᠢ ᠲᠦᠮᠡᠨ ᠢᠶᠡᠨ ᠬᠦᠨᠳᠦᠯᠡᠵᠦ ᠪᠠᠶᠢᠬᠤ ᠶᠢᠨ ᠲᠤᠯᠠᠳᠠ ᠦᠯᠦ ᠣᠶᠢᠯᠠᠭᠠᠯᠴᠠᠯ ᠢᠶᠠᠨ ᠨᠢᠭᠡ ᠮᠥᠷ ᠡᠴᠦᠰᠯᠡᠬᠦ ᠶᠢ ᠮᠣᠩᠭᠣᠯ ᠤᠯᠤᠰ ᠤᠨ ᠶᠡᠷᠦᠩᠬᠡᠶᠢᠯᠡᠭᠴᠢ ᠠᠩᠬᠠᠷᠤᠭᠤᠯᠪᠠ᠃ ᠢᠯᠠᠩᠭᠤᠶ᠎ᠠ  ᠤᠳᠠᠬᠤ ᠦᠭᠡᠢ ᠪᠣᠯᠬᠤ ᠰᠠᠷ᠎ᠠ ᠰᠢᠨ᠎ᠡ ᠶᠢᠨ ᠪᠠᠶᠠᠷ ᠪᠣᠯᠤᠨ ᠴᠢᠨᠠᠭᠰᠢᠳᠠ ᠵᠣᠬᠢᠶᠠᠨ ᠪᠠᠶᠢᠭᠤᠯᠬᠤ ᠪᠥᠬᠡ ᠶᠢᠨ ᠪᠠᠷᠢᠯᠳᠤᠭᠠᠨ ᠶᠠᠮᠠᠷ ᠨᠢᠭᠡ ᠮᠠᠷᠭᠤᠭᠠᠨ ᠦᠭᠡᠢ ᠪᠠᠶᠢᠬᠤ ᠶᠣᠰᠣᠲᠠᠢ ᠶᠢ ᠰᠠᠨᠠᠭᠤᠯᠤᠯ᠎ᠠ᠃
ᠮᠥᠨ︽ᠦᠨᠳᠦᠰᠦᠨ ᠦ ᠶᠡᠬᠡ ᠪᠠᠶᠠᠷ ᠨᠠᠭᠠᠳᠤᠮ ᠤᠨ ᠲᠤᠬᠠᠢ︾ᠬᠠᠤᠯᠢ ᠶᠢᠨ ᠨᠡᠮᠡᠯᠲᠡ ᠥᠭᠡᠷᠡᠴᠢᠯᠡᠯᠲᠡ ᠳᠦ ᠦᠨᠳᠦᠰᠦᠨ ᠦ ᠪᠥᠬᠡ ᠶᠢᠨ ᠮᠠᠷᠭᠤᠭᠠᠨ ᠲᠠᠢ ᠠᠰᠠᠭᠤᠳᠠᠯ ᠢ ᠬᠡᠷᠬᠢᠨ ᠰᠢᠢᠳᠪᠦᠷᠢᠯᠡᠬᠦ ᠲᠠᠯ᠎ᠠ ᠪᠠᠷ ᠲᠤᠰᠬᠠᠬᠤ᠂ ᠠᠷᠠᠳ ᠲᠦᠮᠡᠨ ᠢᠶᠡᠨ ᠦᠯᠦ ᠬᠦᠨᠳᠦᠳᠬᠡᠳᠡᠭ᠂ ᠶᠣᠰᠣ ᠰᠤᠷᠲᠠᠬᠤᠨ ᠦᠭᠡᠢ ᠪᠥᠬᠡᠴᠦᠳ ᠦᠨ ᠴᠣᠯᠠ ᠶᠢ ᠬᠤᠷᠢᠶᠠᠬᠤ ᠬᠦᠷᠲᠡᠯ᠎ᠡ ᠠᠷᠭ᠎ᠠ ᠬᠡᠮᠵᠢᠶ᠎ᠡ ᠠᠪᠳᠠᠭ ᠪᠣᠯᠭᠠᠬᠤ ᠨᠢ ᠵᠥᠪ ᠭᠡᠵᠦ ᠦᠵᠡᠳᠡᠭ ᠢᠶᠡᠨ ᠬᠡᠯᠡᠯ᠎ᠡ᠃ ᠪᠥᠬᠡᠴᠦᠳ ᠥᠨᠳᠥᠷ ᠶᠣᠰᠣ ᠵᠦᠢ ᠲᠡᠢ᠂ ᠤᠬᠠᠮᠰᠠᠷ ᠲᠠᠢ ᠪᠠᠶᠢᠵᠤ᠂ ᠲᠥᠷᠥ᠂ ᠠᠷᠠᠳ ᠲᠦᠮᠡᠨ᠂ ᠥᠪ ᠰᠤᠶᠤᠯ ᠢᠶᠠᠨ ᠡᠩ ᠲᠡᠷᠢᠭᠦᠨ ᠳᠦ ᠲᠠᠯᠪᠢᠵᠤ ᠪᠠᠶᠢᠬᠤ ᠶᠢ ᠦᠷᠭᠦᠯᠵᠢ ᠰᠠᠨᠠᠭᠤᠯᠵᠤ᠂ ᠵᠥᠪᠯᠡᠵᠦ᠂ ᠲᠤᠰᠠᠯᠠᠵᠤ ᠪᠠᠶᠢᠬᠤ ᠶᠢ ᠰᠠᠨᠠᠭᠤᠯᠪᠠ᠃

ᠰᠡᠳᠬᠢᠭᠳᠡᠯ ᠦᠯᠡᠳᠡᠭᠡᠬᠦ