ᠤᠯᠤᠰ ᠤᠨ ᠬᠡᠮᠵᠢᠶᠡᠨ ᠳᠦ ᠨᠡᠶᠢᠲᠡ 4800 ᠤᠳᠠᠭ᠎ᠠ ᠭᠠᠵᠠᠷ ᠬᠥᠳᠡᠯᠵᠡᠢ | News.MN

ᠤᠯᠤᠰ ᠤᠨ ᠬᠡᠮᠵᠢᠶᠡᠨ ᠳᠦ ᠨᠡᠶᠢᠲᠡ 4800 ᠤᠳᠠᠭ᠎ᠠ ᠭᠠᠵᠠᠷ ᠬᠥᠳᠡᠯᠵᠡᠢ

ᠮᠠᠨ ᠤ ᠤᠯᠤᠰ ᠲᠤ 2010 ᠣᠨ ᠳᠤ ᠭᠡᠬᠦ ᠳᠦ 3.5  ᠮᠠᠭᠨᠢᠲ᠋ᠤᠳ᠋ ᠠᠴᠠ ᠬᠦᠴᠦᠲᠡᠢ ᠭᠠᠵᠠᠷ ᠬᠥᠳᠡᠯᠦᠯᠲᠡ 31 ᠤᠳᠠᠭ᠎ᠠ ᠪᠦᠷᠢᠳᠬᠡᠭᠳᠡᠵᠦ ᠪᠠᠶᠢᠭᠰᠠᠨ ᠪᠣᠯ ᠰᠡᠭᠦᠯ ᠦᠨ ᠠᠷᠪᠠᠨ ᠵᠢᠯ ᠳᠦ ᠡᠨᠡ ᠲᠣᠭ᠎ᠠ ᠨᠠᠢ᠌ᠮᠠ ᠳᠠᠬᠢᠨ ᠨᠡᠮᠡᠭᠳᠡᠭᠰᠡᠨ ᠪᠠᠶᠢᠨ᠎ᠠ᠃ 2022 ᠣᠨ ᠭᠠᠷᠤᠭᠰᠠᠨ ᠠᠴᠠ ᠬᠣᠶᠢᠰᠢ ᠤᠯᠤᠰ ᠤᠨ ᠬᠡᠮᠵᠢᠶᠡᠨ ᠳᠦ ᠨᠡᠶᠢᠲᠡ 4800 ᠤᠳᠠᠭ᠎ᠠ ᠭᠠᠵᠠᠷ ᠬᠥᠳᠡᠯᠦᠯᠲᠡ ᠪᠣᠯᠵᠠᠢ᠃ ᠡᠭᠦᠨ ᠡᠴᠡ 3.5  ᠮᠠᠭᠨᠢᠲ᠋ᠤᠳ᠋  ᠠᠴᠠ ᠳᠡᠭᠡᠭᠰᠢ ᠬᠦᠴᠦᠲᠡᠢ ᠲᠠᠪᠤ ᠪᠦᠷᠢᠳᠬᠡᠭᠳᠡᠭᠰᠡᠨ ᠪᠠᠶᠢᠨ᠎ᠠ᠃
ᠲᠣᠳᠣᠷᠠᠭᠤᠯᠪᠠᠯ᠂ ᠮᠠᠭᠨᠢᠲ᠋ᠤᠳ᠋ ᠭᠡᠳᠡᠭ ᠨᠢ ᠭᠠᠵᠠᠷ ᠬᠥᠳᠡᠯᠦᠯᠲᠡ ᠶᠢᠨ ᠲᠦᠪ ᠲᠦ ᠪᠠᠭᠠᠵᠢ ᠪᠠᠷ ᠬᠡᠮᠵᠢᠭᠰᠡᠨ ᠦᠵᠡᠭᠦᠯᠦᠯᠲᠡ ᠪᠣᠯ᠂ ᠭᠠᠵᠠᠷ ᠤᠨ  ᠬᠦᠷᠦᠰᠦᠨ ᠳᠡᠭᠡᠷ᠎ᠡ ᠬᠦᠮᠦᠨ ᠪᠣᠯᠤᠨ ᠪᠠᠷᠢᠯᠭ᠎ᠠ ᠪᠠᠶᠢᠭᠤᠯᠤᠮᠵᠢ ᠳᠤ ᠨᠦᠯᠦᠭᠡᠯᠡᠬᠦ ᠬᠦᠴᠦ ᠶᠢ ᠪᠠᠯᠯ ᠢᠶᠠᠷ ᠬᠡᠮᠵᠢᠳᠡᠭ ᠶᠤᠮ᠃ ᠭᠠᠵᠠᠷ ᠬᠥᠳᠡᠯᠦᠯ ᠦᠨ ᠪᠠᠯᠯ ᠤᠨ ᠬᠡᠮᠵᠢᠶ᠎ᠡ 3-4 ᠪᠠᠶᠢᠪᠠᠯ ᠬᠦᠮᠦᠨ ᠳᠦ ᠮᠡᠳᠡᠷᠡᠭᠳᠡᠬᠦ ᠪᠣᠯᠤᠮᠵᠢ ᠲᠠᠢ᠂ 6 ᠪᠠᠯᠯ ᠠᠴᠠ ᠬᠡᠲᠦᠷᠡᠪᠡᠯ ᠪᠠᠷᠢᠯᠭ᠎ᠠ ᠪᠠᠶᠢᠭᠤᠯᠤᠮᠵᠢ ᠳᠤ ᠡᠪᠳᠡᠷᠡᠯ ᠡᠭᠦᠰᠬᠦ ᠮᠠᠭᠠᠳᠯᠠᠯ ᠲᠠᠢ᠂ ᠠᠷᠪᠠ ᠠᠴᠠ ᠬᠡᠲᠦᠷᠡᠪᠡᠯ ᠪᠠᠷᠢᠯᠭ᠎ᠠ ᠪᠠᠶᠢᠭᠤᠯᠤᠮᠵᠢ ᠨᠤᠷᠠᠬᠤ ᠠᠶᠤᠯᠲᠠᠢ᠃

ᠰᠡᠳᠬᠢᠭᠳᠡᠯ ᠦᠯᠡᠳᠡᠭᠡᠬᠦ