U16 ᠨᠠᠰᠤᠨ ᠤ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠤᠨ᠎ᠠ | News.MN

U16 ᠨᠠᠰᠤᠨ ᠤ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠤᠨ᠎ᠠ

ᠮᠣᠩᠭᠣᠯ ᠤᠯᠤᠰ ᠤᠨ ᠰᠠᠭᠰᠤᠨ ᠪᠥᠮᠪᠥᠭᠡ ᠶᠢᠨ 3x 3 ᠲᠥᠷᠥᠯ ᠦᠨ U16 ᠨᠠᠰᠤᠨ ᠤ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠨᠡ ᠰᠠᠷ᠎ᠠ ᠶᠢᠨ 19-23  ᠳᠦ ᠪᠣᠯᠬᠤ ᠭᠡᠵᠦ ᠪᠠᠶᠢᠨ᠎ᠠ᠃ ᠲᠤᠰ ᠲᠡᠮᠡᠴᠡᠭᠡᠨ ᠢ ᠣᠷᠣᠰ ᠲᠤ ᠪᠣᠯᠬᠤ ᠠᠽᠢ ᠶᠢᠨ ᠬᠡᠦᠬᠡᠳ ᠦᠨ ᠨᠠᠭᠠᠳᠤᠮ ᠳᠤ ᠤᠷᠤᠯᠴᠠᠬᠤ ᠮᠣᠩᠭᠣᠯ ᠤᠯᠤᠰ ᠤᠨ U16 ᠨᠠᠰᠤᠨ ᠤ ᠰᠢᠭᠰᠢᠭᠡ ᠪᠠᠭ ᠢ ᠰᠣᠩᠭᠣᠨ ᠰᠢᠯᠭᠠᠷᠠᠭᠤᠯᠬᠤ ᠵᠣᠷᠢᠯᠭ᠎ᠠ ᠪᠠᠷ ᠵᠣᠬᠢᠶᠠᠨ ᠪᠠᠶᠢᠭᠤᠯᠵᠤ ᠪᠤᠢ ᠶᠤᠮ᠃ ᠲᠡᠮᠡᠴᠡᠭᠡᠨ ᠳᠦ ᠪᠠᠭ ᠤᠨ ᠲᠣᠭ᠎ᠠ ᠬᠢᠵᠠᠭᠠᠷᠯᠠᠬᠤ ᠦᠭᠡᠢ ᠪᠥᠭᠡᠳ ᠬᠣᠲᠠ᠂ ᠳᠡᠭᠦᠷᠭᠡ᠂ ᠠᠶᠢᠮᠠᠭ᠂ ᠰᠤᠷᠭᠠᠭᠤᠯᠢ᠂  ᠺᠯᠦ᠋ᠪ ᠤᠨ ᠪᠠᠭ ᠤᠳ ᠣᠷᠣᠯᠴᠠᠨ᠎ᠠ᠃ ᠲᠤᠰ ᠲᠡᠮᠡᠴᠡᠭᠡᠨ FIB 3 x 3 ᠰᠲ᠋ᠠᠨᠳᠠᠷᠲ ᠪᠦᠬᠦᠢ Royal 3×3 Event Hall᠍ ᠳᠦ ᠪᠣᠯᠤᠨ᠎ᠠ᠃

ᠰᠡᠳᠬᠢᠭᠳᠡᠯ ᠦᠯᠡᠳᠡᠭᠡᠬᠦ