ᠭᠣᠴᠣᠯᠠᠯ ᠪᠦᠵᠢᠭᠴᠢᠳ ᠦᠨ ᠤᠯᠤᠰ ᠤᠨ ᠠᠩᠬᠠᠳᠤᠭᠠᠷ ᠤᠷᠤᠯᠳᠤᠭᠠᠨ ᠪᠣᠯᠤᠨ᠎ᠠ | News.MN

ᠭᠣᠴᠣᠯᠠᠯ ᠪᠦᠵᠢᠭᠴᠢᠳ ᠦᠨ ᠤᠯᠤᠰ ᠤᠨ ᠠᠩᠬᠠᠳᠤᠭᠠᠷ ᠤᠷᠤᠯᠳᠤᠭᠠᠨ ᠪᠣᠯᠤᠨ᠎ᠠ

ᠮᠣᠩᠭᠣᠯ ᠤᠯᠤᠰ ᠤᠨ ᠺᠣᠨᠰᠧᠷᠠᠸᠠᠲ᠋ᠣᠷ ᠤᠨ БЦМС᠂ ᠮᠣᠩᠭᠣᠯ ᠤᠨ ᠤᠷᠠᠯᠢᠭ ᠤᠨ ᠠᠵᠢᠯᠲᠠᠨ ᠤ ᠬᠣᠯᠪᠣᠭ᠎ᠠ ᠬᠠᠮᠲᠤᠷᠠᠨ ᠭᠣᠴᠣᠯᠠᠯ ᠪᠦᠵᠢᠭᠴᠢᠳ ᠦᠨ ᠤᠯᠤᠰ ᠤᠨ ᠠᠩᠬᠠᠳᠤᠭᠠᠷ ᠤᠷᠤᠯᠳᠤᠭᠠᠨ ᠢ ᠵᠣᠬᠢᠶᠠᠨ ᠪᠠᠶᠢᠭᠤᠯᠬᠤ ᠪᠠᠷ ᠪᠣᠯᠵᠠᠢ᠃ ᠮᠣᠩᠭᠣᠯ ᠤᠯᠤᠰ ᠤᠨ ᠠᠷᠠᠳ ᠤᠨ ᠪᠠᠭᠰᠢ᠂ ᠭᠠᠪᠢᠶᠠᠲᠤ ᠵᠦᠴᠦᠭᠡᠴᠢᠨ ᠭᠠᠷᠠᠮ ᠤᠨ ᠳᠣᠯᠭᠠᠷᠰᠦ᠋ᠷᠦᠩ ᠦᠨ ᠨᠡᠷᠡᠮᠵᠢᠲᠦ ᠡᠨᠡ ᠬᠦ ᠭᠣᠴᠣᠯᠠᠯ ᠪᠦᠵᠢᠭᠴᠢᠳ ᠦᠨ ᠤᠯᠤᠰ ᠤᠨ ᠤᠷᠤᠯᠳᠤᠭᠠᠨ ᠢᠷᠡᠬᠦ ᠭᠤᠷᠪᠠᠳᠤᠭᠠᠷ ᠰᠠᠷ᠎ᠠ ᠶᠢᠨ ᠨᠢᠭᠡᠨ ᠡᠴᠡ ᠳᠥᠷᠪᠡᠳᠦᠭᠡᠷ ᠰᠠᠷ᠎ᠠ ᠶᠢᠨ 28  ᠳᠦ ᠵᠣᠬᠢᠶᠠᠨ ᠪᠠᠶᠢᠭᠤᠯᠤᠭᠳᠠᠬᠤ ᠪᠠᠷ ᠪᠣᠯᠤᠭᠰᠠᠨ ᠪᠠᠶᠢᠨ᠎ᠠ᠃

ᠭ ∙ ᠳᠣᠯᠭᠠᠷᠰᠦ᠋ᠷᠦᠩ ᠥᠪᠡᠷ ᠦᠨ ᠠᠮᠢᠳᠤᠷᠠᠯ ᠢ ᠪᠦᠵᠢᠭ ᠦᠨ ᠤᠷᠠᠯᠢᠭ ᠲᠤ ᠵᠣᠷᠢᠭᠤᠯᠵᠤ᠂  50 ᠭᠠᠷᠤᠢ ᠵᠢᠯ ᠮᠣᠩᠭᠣᠯ ᠤᠯᠤᠰ ᠤᠨ ᠺᠣᠨᠰᠧᠷᠠᠸᠠᠲ᠋ᠣᠷ ᠲᠤ ᠦᠷ᠎ᠡ ᠪᠦᠲᠦᠭᠡᠯ ᠲᠡᠢ ᠠᠵᠢᠯᠯᠠᠬᠤ ᠳᠤ ᠪᠠᠨ᠂ ᠮᠣᠩᠭᠣᠯ ᠪᠦᠵᠢᠭ ᠦᠨ ᠰᠢᠰᠲ᠋ᠧᠮ ᠲᠡᠢ ᠲᠢᠭ ᠰᠤᠷᠭᠠᠯᠲᠠ ᠶᠢᠨ ᠰᠠᠭᠤᠷᠢ ᠶᠢ ᠲᠠᠯᠪᠢᠭᠰᠠᠨ ᠠᠯᠳᠠᠷᠲᠤ ᠪᠠᠭᠰᠢ᠂ ᠰᠤᠷᠭᠠᠨ ᠬᠦᠮᠦᠵᠢᠭᠦᠯᠦᠭᠴᠢ ᠶᠤᠮ᠃ 2023 ᠣᠨ ᠳᠤ ᠲᠣᠬᠢᠶᠠᠬᠤ ᠲᠡᠭᠦᠨ ᠦ ᠮᠡᠨᠳᠦᠯᠡᠭᠰᠡᠨ ᠦ 100 ᠵᠢᠯ ᠦᠨ ᠣᠢ ᠶᠢ ᠤᠭᠲᠤᠭᠰᠠᠨ ᠲᠤᠰ ᠤᠷᠤᠯᠳᠤᠭᠠᠨ ᠢ ᠴᠢᠨᠠᠭᠰᠢᠳᠠ ᠭᠤᠷᠪᠠᠨ ᠵᠢᠯ ᠲᠤᠲᠤᠮ ᠳᠤ ᠲᠣᠭᠲᠠᠮᠠᠯ ᠵᠣᠬᠢᠶᠠᠨ ᠪᠠᠶᠢᠭᠤᠯᠬᠤ ᠪᠠᠷ ᠪᠣᠯᠵᠠᠢ᠃

ᠰᠡᠳᠬᠢᠭᠳᠡᠯ ᠦᠯᠡᠳᠡᠭᠡᠬᠦ