《ᠴᠢᠩᠭᠢᠰ ᠦᠨ ᠮᠥᠷ ᠢᠶᠡᠷ》ᠲᠡᠦᠬᠡᠨ ᠠᠶᠠᠯᠠᠯ ᠵᠢᠭᠤᠯᠴᠢᠯᠠᠯ ᠢ ᠬᠠᠮᠲᠤᠷᠠᠨ ᠬᠥᠭᠵᠢᠭᠦᠯᠦᠨ᠎ᠡ | News.MN

《ᠴᠢᠩᠭᠢᠰ ᠦᠨ ᠮᠥᠷ ᠢᠶᠡᠷ》ᠲᠡᠦᠬᠡᠨ ᠠᠶᠠᠯᠠᠯ ᠵᠢᠭᠤᠯᠴᠢᠯᠠᠯ ᠢ ᠬᠠᠮᠲᠤᠷᠠᠨ ᠬᠥᠭᠵᠢᠭᠦᠯᠦᠨ᠎ᠡ

ᠪᠠᠢᠭᠠᠯᠢ ᠤᠷᠴᠢᠨ ᠠᠶᠠᠯᠠᠯ ᠵᠢᠭᠤᠯᠴᠢᠯᠠᠯ ᠤᠨ ᠶᠠᠮᠤᠨ ᠤ ᠰᠠᠶᠢᠳ ᠪ ∙ ᠪᠠᠲᠤᠡᠷᠳᠡᠨᠢ ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠵ ∙ ᠠᠳᠠᠯᠢᠪᠠᠸ ᠲᠡᠢ ᠥᠨᠥᠳᠥᠷ ᠠᠯᠪᠠᠨ ᠠᠭᠤᠯᠵᠠᠯᠲᠠ ᠬᠢᠯ᠎ᠡ᠃ ᠪᠦᠷᠢᠨ ᠡᠷᠬᠡᠲᠦ ᠡᠯᠴᠢᠨ ᠰᠠᠶᠢᠳ ᠵ ∙ ᠠᠳᠢᠯᠪᠠᠶ᠋ᠸ᠄ ᠪᠥᠰᠡ ᠨᠤᠲᠤᠭ ᠤᠨ ᠪᠠᠶᠢᠭᠠᠯᠢ ᠣᠷᠴᠢᠨ ᠢ ᠬᠠᠮᠠᠭᠠᠯᠠᠬᠤ᠂ ᠰᠡᠷᠭᠦᠭᠡᠬᠦ᠂ ᠠᠶᠠᠯᠠᠯ ᠵᠢᠭᠤᠯᠴᠢᠯᠠᠯ ᠢ ᠬᠥᠭᠵᠢᠭᠦᠯᠬᠦ ᠴᠢᠭᠯᠡᠯ ᠢᠶᠡᠷ ᠲᠣᠳᠣᠷᠬᠠᠢ ᠠᠵᠢᠯ ᠤᠳ ᠢ ᠮᠣᠩᠭᠣᠯ ᠤᠯᠤᠰ ᠤᠨ ᠪᠠᠢᠭᠠᠯᠢ ᠤᠷᠴᠢᠨ ᠠᠶᠠᠯᠠᠯ ᠵᠢᠭᠤᠯᠴᠢᠯᠠᠯ ᠤᠨ ᠶᠠᠮᠤᠨ ᠪᠣᠯᠤᠨ ᠪᠤᠰᠤᠳ ᠲᠥᠷᠥ ᠶᠢᠨ ᠪᠠᠶᠢᠭᠤᠯᠤᠯᠭ᠎ᠠ ᠨᠤᠭᠤᠳ ᠲᠠᠢ ᠬᠠᠮᠲᠤᠷᠠᠨ ᠬᠡᠷᠡᠭᠵᠢᠭᠦᠯᠬᠦ ᠬᠦᠰᠡᠯ ᠲᠡᠢ ᠪᠠᠶᠢᠨ᠎ᠠ᠃ ᠡᠭᠦᠨ ᠡᠴᠡ ᠭᠠᠳᠠᠨ᠎ᠠ ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠬᠣᠭᠣᠷᠣᠨᠳᠣ ᠨᠢᠰᠦᠯᠭᠡ ᠶᠢᠨ ᠲᠣᠭ᠎ᠠ ᠶᠢ ᠨᠡᠮᠡᠭᠳᠡᠭᠦᠯᠵᠦ᠂ ᠲᠣᠭᠲᠠᠮᠠᠯ ᠨᠢᠰᠦᠯᠭᠡ ᠦᠢᠯᠡᠳᠬᠦ ᠪᠣᠯᠤᠮᠵᠢ ᠪᠠᠷ ᠬᠠᠩᠭᠠᠵᠤ ᠥᠭᠪᠡᠯ ᠬᠣᠶᠠᠷ ᠲᠠᠯ᠎ᠠ ᠶᠢᠨ ᠠᠶᠠᠯᠠᠯ ᠵᠢᠭᠤᠯᠴᠢᠯᠠᠯ ᠳᠤ ᠲᠤᠰᠠ ᠲᠠᠢ ᠪᠣᠯᠤᠨ᠎ᠠ ᠭᠡᠯ᠎ᠡ᠃

ᠲᠤᠬᠠᠢᠯᠠᠪᠠᠯ ᠬᠣᠶᠠᠷ ᠤᠯᠤᠰ ᠤᠨ ᠠᠶᠠᠯᠠᠯ ᠵᠢᠭᠤᠯᠴᠢᠯᠠᠯ ᠢ ᠬᠠᠷᠢᠯᠴᠠᠨ ᠰᠤᠷᠲᠠᠯᠴᠢᠯᠠᠬᠤ᠂ ᠬᠢᠯᠢ ᠣᠷᠴᠢᠮ ᠤᠨ ᠠᠶᠠᠯᠠᠯ ᠵᠢᠭᠤᠯᠴᠢᠯᠠᠯ ᠢ ᠬᠥᠭᠵᠢᠭᠦᠯᠬᠦ᠂ ᠠᠶᠠᠯᠠᠯ ᠵᠢᠭᠤᠯᠴᠢᠯᠠᠯ ᠤᠨ ᠰᠢᠨ᠎ᠡ  ᠱᠤᠭᠤᠮ ᠪᠤᠢ ᠪᠣᠯᠭᠠᠵᠤ᠂ 《ᠴᠢᠩᠭᠢᠰ ᠦᠨ ᠮᠥᠷ ᠢᠶᠡᠷ》 ᠲᠡᠦᠬᠡᠨ ᠠᠶᠠᠯᠠᠯ ᠵᠢᠭᠤᠯᠴᠢᠯᠠᠯ ᠢ ᠬᠣᠶᠠᠷ ᠣᠷᠣᠨ ᠤ ᠬᠦᠷᠢᠶᠡᠨ ᠳᠦ ᠬᠠᠮᠲᠤᠷᠠᠨ ᠬᠥᠭᠵᠢᠭᠦᠯᠬᠦ ᠲᠠᠯ᠎ᠠ ᠪᠠᠷ ᠶᠠᠷᠢᠯᠴᠠᠵᠠᠢ᠃

ᠰᠡᠳᠬᠢᠭᠳᠡᠯ ᠦᠯᠡᠳᠡᠭᠡᠬᠦ