ᠵᠣ ᠪᠠᠶᠢᠳᠧᠨ ᠶᠡᠷᠦᠩᠬᠡᠶᠢᠯᠡᠭᠴᠢ ᠤ᠊∙ᠬᠦᠷᠡᠯᠰᠦ᠋ᠬᠡ ᠳᠦ ᠵᠠᠬᠢᠳᠠᠯ ᠢᠯᠡᠭᠡᠪᠡ | News.MN

ᠵᠣ ᠪᠠᠶᠢᠳᠧᠨ ᠶᠡᠷᠦᠩᠬᠡᠶᠢᠯᠡᠭᠴᠢ ᠤ᠊∙ᠬᠦᠷᠡᠯᠰᠦ᠋ᠬᠡ ᠳᠦ ᠵᠠᠬᠢᠳᠠᠯ ᠢᠯᠡᠭᠡᠪᠡ

ᠠᠮᠧᠷᠢᠺᠠ ᠶᠢᠨ ᠨᠢᠭᠡᠳᠦᠭᠰᠡᠨ ᠤᠯᠤᠰ ᠤᠨ ᠶᠡᠷᠦᠩᠬᠡᠶᠢᠯᠡᠭᠴᠢ ᠵᠣ ᠪᠠᠶᠢᠳᠧᠨ ᠮᠣᠩᠭᠣᠯ ᠤᠯᠤᠰ ᠤᠨ ᠶᠡᠷᠦᠩᠬᠡᠶᠢᠯᠡᠭᠴᠢ ᠤ᠊ ∙  ᠬᠦᠷᠡᠯᠰᠦ᠋ᠬᠡ ᠳᠦ ᠬᠠᠨᠳᠤᠨ ᠬᠣᠶᠠᠷ ᠤᠯᠤᠰ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 35 ᠵᠢᠯ ᠦᠨ ᠣᠢ ᠶᠢ ᠲᠣᠬᠢᠶᠠᠯᠳᠤᠭᠤᠯᠤᠨ ᠵᠠᠬᠢᠳᠠᠯ ᠢᠯᠡᠭᠡᠪᠡ᠃

ᠰᠠᠷ᠎ᠠ ᠰᠢᠨ᠎ᠡ ᠶᠢᠨ ᠪᠠᠶᠠᠷ ᠤᠨ ᠡᠮᠦᠨ᠎ᠡ ᠢᠷᠡᠭᠰᠡᠨ ᠤᠭ ᠵᠠᠬᠢᠳᠠᠯ ᠤᠨ ᠡᠬᠢᠨ ᠳᠦ ᠠᠮᠧᠷᠢᠺᠠ ᠨᠢ ᠮᠣᠩᠭᠣᠯ ᠤᠯᠤᠰ ᠤᠨ ᠰᠲᠷᠠᠲ᠋ᠧᠭᠢ ᠶᠢᠨ ᠲᠦᠩᠰᠢ ᠪᠥᠭᠡᠳ ᠭᠤᠷᠪᠠᠳᠠᠭᠴᠢ ᠬᠥᠷᠰᠢ ᠭᠡᠳᠡᠭ ᠢᠶᠡᠷ ᠢᠶᠡᠨ ᠪᠠᠬᠠᠷᠬᠠᠳᠠᠭ ᠬᠡᠮᠡᠨ ᠲᠡᠮᠳᠡᠭᠯᠡᠵᠡᠢ᠃
ᠵᠠᠬᠢᠳᠠᠯ ᠳᠤ᠄ ᠁ ᠪᠢᠳᠡ ᠢᠷᠡᠭᠡᠳᠦᠢ ᠪᠡᠨ ᠲᠥᠰᠥᠭᠡᠯᠡᠬᠦ ᠳᠦ ᠪᠡᠨ ᠮᠣᠩᠭᠣᠯ ᠤᠯᠤᠰ ᠢ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ᠂ ᠳᠡᠯᠡᠬᠡᠢ ᠳ᠋ᠠᠬᠢᠨ ᠳᠤ ᠡᠷᠡᠭᠦᠯ ᠮᠡᠨᠳᠦ ᠶᠢᠨ ᠠᠶᠤᠯᠭᠦᠢ ᠪᠠᠶᠢᠳᠠᠯ ᠢ ᠪᠡᠬᠢᠵᠢᠭᠦᠯᠬᠦ᠂ ᠰᠡᠷᠭᠦᠭᠡᠭᠳᠡᠬᠦ ᠡᠷᠴᠢᠮ ᠬᠦᠴᠦ ᠶᠢ ᠥᠷᠭᠡᠨ ᠢᠶᠡᠷ ᠠᠰᠢᠭᠯᠠᠬᠤ᠂ ᠡᠳ᠋  ᠦᠨ ᠵᠠᠰᠠᠭ ᠤᠨ ᠲᠣᠭᠲᠠᠪᠤᠷᠢᠲᠠᠢ ᠪᠥᠭᠡᠳ ᠲᠡᠭᠰᠢ ᠥᠰᠦᠯᠲᠡ ᠶᠢ ᠬᠠᠩᠭᠠᠬᠤ ᠳᠤ ᠨᠡᠩ ᠴᠢᠬᠤᠯᠠ ᠲᠦᠩᠰᠢ ᠣᠷᠣᠨ ᠭᠡᠵᠦ ᠦᠵᠡᠵᠦ ᠪᠠᠶᠢᠭ᠎ᠠ ᠪᠠᠨ ᠢᠯᠡᠷᠬᠡᠶᠢᠯᠡᠶ᠎ᠡ ᠬᠡᠮᠡᠨ ᠣᠨᠴᠠᠯᠠᠭᠰᠠᠨ ᠪᠠᠶᠢᠨ᠎ᠠ᠃
ᠲᠡᠭᠦᠨᠴᠢᠯᠡᠨ ᠮᠣᠩᠭᠣᠯ ᠤᠯᠤᠰ ᠨᠢ 20 ᠭᠠᠷᠤᠢ ᠵᠢᠯ ᠦᠨ ᠣᠯᠠᠨ ᠤᠯᠤᠰ ᠤᠨ ᠡᠩᠬᠡ ᠶᠢ ᠰᠠᠬᠢᠭᠤᠯᠬᠤ ᠦᠢᠯᠡ ᠠᠵᠢᠯᠯᠠᠭᠠᠨ ᠳᠤ ᠬᠤᠪᠢ ᠨᠡᠮᠡᠷᠢ ᠣᠷᠣᠭᠤᠯᠵᠤ ᠢᠷᠡᠭᠰᠡᠨ ᠳᠦ ᠲᠠᠯᠠᠷᠬᠠᠵᠤ᠂ ᠁ ᠮᠣᠩᠭᠣᠯ ᠴᠡᠷᠢᠭ ᠦᠨ ᠠᠯᠪᠠᠨ ᠬᠠᠭᠠᠭᠴᠢᠳ ᠣᠯᠠᠨ ᠤᠯᠤᠰ ᠲᠤ ᠮᠡᠷᠭᠡᠵᠢᠯ ᠦᠨ ᠡᠩᠬᠡ ᠶᠢ ᠰᠠᠬᠢᠭᠤᠯᠤᠭᠴᠢᠳ᠂ ᠳᠠᠶᠢᠴᠢᠳ ᠭᠡᠳᠡᠭ ᠢᠶᠡᠷ ᠢᠶᠡᠨ ᠨᠡᠷ᠎ᠡ ᠬᠦᠨᠳᠦᠲᠡᠢ ᠪᠣᠯᠤᠭᠰᠠᠨ ᠪᠥᠭᠡᠳ ᠡᠨᠡ ᠬᠦ ᠬᠠᠮᠲᠤ ᠶᠢᠨ ᠠᠵᠢᠯᠯᠠᠭ᠎ᠠ ᠪᠠᠨ ᠬᠠᠮᠲᠤᠷᠠᠭᠰᠠᠨ ᠴᠡᠷᠢᠭ ᠦᠨ ᠰᠤᠷᠭᠠᠭᠤᠯᠢ ᠬᠢᠬᠦ ᠵᠡᠷᠭᠡ ᠪᠡᠷ ᠴᠢᠨᠠᠭᠰᠢᠳᠠ ᠥᠷᠭᠡᠵᠢᠭᠦᠯᠦᠨ ᠬᠥᠭᠵᠢᠭᠦᠯᠬᠦ ᠶᠢᠨ ᠲᠥᠯᠥᠭᠡ ᠲᠠ ᠪᠦᠬᠦᠨ ᠲᠡᠢ ᠬᠠᠮᠲᠤᠷᠠᠵᠤ ᠠᠵᠢᠯᠯᠠᠬᠤ ᠳᠤ ᠪᠡᠯᠡᠨ ᠪᠠᠶᠢᠨ᠎ᠠ ᠬᠡᠮᠡᠵᠡᠢ᠃
ᠵᠠᠬᠢᠳᠠᠯ ᠤᠨ ᠲᠡᠭᠦᠰᠬᠡᠯ ᠳᠦ᠂《ᠮᠠᠨ ᠤ ᠬᠣᠶᠠᠷ ᠤᠯᠤᠰ ᠤᠨ ᠳ᠋ᠢᠫᠯᠣᠮᠠᠲ ᠬᠠᠷᠢᠯᠴᠠᠭᠠᠨ ᠤ ᠴᠢᠬᠤᠯᠠ ᠮᠥᠴᠡ ᠶᠢ ᠲᠡᠮᠳᠡᠭᠯᠡᠵᠦ ᠪᠤᠢ ᠡᠨᠡ ᠦᠶ᠎ᠡ ᠳᠦ ᠪᠢᠳᠡᠨ ᠦ ᠬᠠᠮᠲᠤ ᠶᠢᠨ ᠣᠯᠤᠯᠲᠠ᠂ ᠠᠮᠵᠢᠯᠲᠠ ᠶᠢ ᠡᠷᠭᠢᠨ ᠬᠠᠷᠠᠬᠤ ᠳᠤ ᠰᠡᠳᠬᠢᠯ ᠬᠠᠩᠭᠠᠯᠤᠭᠤᠨ ᠪᠠᠶᠢᠨ᠎ᠠ᠃ ᠢᠷᠡᠬᠦ ᠣᠨ ᠵᠢᠯ ᠦᠳ ᠲᠦ ᠪᠢᠳᠡᠨ ᠦ ᠬᠠᠷᠢᠯᠴᠠᠭ᠎ᠠ ᠤᠯᠠᠮ ᠪᠦᠷ ᠪᠡᠬᠢᠵᠢᠭᠦᠯᠬᠦ ᠪᠣᠯᠤᠨ᠎ᠠ ᠭᠡᠳᠡᠭ ᠲᠦ ᠢᠲᠡᠭᠡᠯ ᠲᠡᠭᠦᠰ ᠪᠠᠶᠢᠨ᠎ᠠ》ᠭᠡᠵᠡᠢ᠃

ᠰᠡᠳᠬᠢᠭᠳᠡᠯ ᠦᠯᠡᠳᠡᠭᠡᠬᠦ