ᠬᠠᠤᠯᠢ ᠪᠤᠰᠤ ᠪᠠᠷ ᠨᠠᠷᠠᠰᠤ ᠮᠣᠳᠣ ᠪᠡᠯᠡᠳᠬᠡᠵᠦ᠂ ᠲᠡᠭᠡᠭᠡᠪᠦᠷᠢᠯᠡᠨ ᠶᠠᠪᠤᠭᠰᠠᠨ ᠢ ᠢᠯᠡᠷᠡᠭᠦᠯᠵᠡᠢ | News.MN

ᠬᠠᠤᠯᠢ ᠪᠤᠰᠤ ᠪᠠᠷ ᠨᠠᠷᠠᠰᠤ ᠮᠣᠳᠣ ᠪᠡᠯᠡᠳᠬᠡᠵᠦ᠂ ᠲᠡᠭᠡᠭᠡᠪᠦᠷᠢᠯᠡᠨ ᠶᠠᠪᠤᠭᠰᠠᠨ ᠢ ᠢᠯᠡᠷᠡᠭᠦᠯᠵᠡᠢ

ᠳᠠᠷᠬᠠᠨ-ᠠᠭᠤᠯᠠ ᠠᠶᠢᠮᠠᠭ ᠳᠠᠬᠢ ᠴᠠᠭᠳᠠᠭ᠎ᠠ ᠶᠢᠨ ᠭᠠᠵᠠᠷ ᠤᠨ ᠠᠯᠪᠠ ᠬᠠᠭᠠᠭᠴᠢᠳ ᠡᠨᠡ ᠰᠠᠷ᠎ᠠ ᠶᠢᠨ 8  ᠤ ᠡᠳᠦᠷ ᠭᠠᠷᠤᠯ ᠡᠭᠦᠰᠦᠯ ᠦᠨ ᠭᠡᠷᠡᠴᠢᠯᠡᠭᠡ  ᠦᠭᠡᠢ 500 ᠭᠠᠷᠤᠢ ᠨᠠᠷᠠᠰᠤ ᠮᠣᠳᠣ ᠬᠠᠤᠯᠢ ᠪᠤᠰᠤ ᠪᠠᠷ ᠪᠡᠯᠡᠳᠬᠡᠨ᠂ ᠠᠰᠢᠭ ᠤᠯᠬᠤ ᠵᠣᠷᠢᠯᠭ᠎ᠠ ᠪᠠᠷ ᠲᠡᠭᠡᠭᠡᠪᠦᠷᠢᠯᠡᠵᠦ ᠶᠠᠪᠤᠭᠰᠠᠨ ᠢ ᠢᠯᠡᠷᠡᠭᠦᠯᠵᠡᠢ᠃
ᠳᠡᠭᠡᠷᠡᠬᠢ ᠭᠡᠮᠲᠦ ᠬᠡᠷᠡᠭ ᠦᠨ ᠰᠢᠨᠵᠢᠲᠡᠢ ᠦᠢᠯᠡᠳᠦᠯ ᠢ ᠲᠠᠰᠤᠯᠤᠨ ᠵᠣᠭᠰᠣᠭᠠᠵᠤ᠂ ᠰᠢᠯᠭᠠᠯᠲᠠ ᠶᠢᠨ ᠠᠵᠢᠯᠯᠠᠭ᠎ᠠ ᠶᠢ ᠦᠷᠭᠦᠯᠵᠢᠯᠡᠭᠦᠯᠵᠦ ᠪᠠᠶᠢᠨ᠎ᠠ᠃ ᠢᠷᠭᠡᠨ ᠲᠠ ᠬᠠᠤᠯᠢ ᠪᠠᠷ ᠬᠦᠯᠢᠶᠡᠭᠰᠡᠨ ᠡᠭᠦᠷᠭᠡ ᠪᠡᠨ ᠪᠡᠶᠡᠯᠡᠭᠦᠯᠵᠦ ᠬᠠᠤᠯᠢ ᠪᠤᠰᠤ ᠮᠣᠳᠣ ᠪᠡᠯᠡᠳᠬᠡᠵᠦ ᠪᠠᠶᠢᠭ᠎ᠠ ᠲᠠᠯᠠᠭᠠᠷᠬᠢ ᠮᠡᠳᠡᠭᠡᠯᠡᠯ ᠢ ᠬᠣᠯᠪᠣᠭᠳᠠᠬᠤ ᠬᠠᠤᠯᠢ ᠬᠢᠨᠠᠯᠲᠠ ᠶᠢᠨ ᠪᠠᠶᠢᠭᠤᠯᠤᠯᠭ᠎ᠠ᠂ ᠡᠷᠬᠡ ᠪᠦᠬᠦᠢ ᠠᠯᠪᠠᠨ ᠲᠤᠰᠢᠶᠠᠯᠲᠠᠨ ᠳᠤ ᠨᠡᠩ ᠳᠠᠷᠤᠢ ᠮᠡᠳᠡᠭᠳᠡᠵᠦ ᠪᠠᠶᠢᠬᠤ ᠶᠢ ᠤᠷᠢᠶᠠᠯᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ