2006 ᠣᠨ ᠳᠤ ᠬᠡᠪᠯᠡᠭᠳᠡᠭᠰᠡᠨ 20 ᠮᠢᠩᠭᠠᠲᠤ ᠶᠢᠨ ᠳᠡᠪᠢᠰᠬᠡᠷᠲᠦ ᠶᠢ ᠭᠦᠢᠯᠭᠡᠭᠡᠨ ᠡᠴᠡ ᠲᠠᠲᠠᠵᠤ ᠬᠦᠴᠦᠨᠦᠭᠡᠢ ᠪᠣᠯᠭᠠᠬᠤ ᠦᠢᠯᠡ ᠠᠵᠢᠯᠯᠠᠭ᠎ᠠ ᠶᠢ 2020 ᠣᠨ ᠤ ᠭᠤᠷᠪᠠᠳᠤᠭᠠᠷ ᠰᠠᠷ᠎ᠠ ᠶᠢᠨ ᠨᠢᠭᠡᠨ ᠡᠴᠡ ᠡᠬᠢᠯᠡᠭᠦᠯᠵᠡᠢ᠃ ᠲᠤᠰ ᠳᠡᠪᠢᠰᠬᠡᠷ ᠲᠦ ᠨᠢ ᠨᠢᠭᠤᠴᠠᠯᠠᠯ ᠪᠦᠬᠦᠢ ᠬᠠᠮᠠᠭᠠᠯᠠᠯᠲᠠ ᠶᠢᠨ ᠡᠯᠧᠮᠧᠨᠲ ᠦᠭᠡᠢ ᠤᠴᠢᠷ ᠠᠴᠠ ᠬᠠᠭᠤᠷᠠᠮᠴᠢ ᠪᠠᠷ ᠦᠢᠯᠡᠳᠬᠦ ᠡᠴᠡ ᠤᠷᠢᠳᠴᠢᠯᠠᠨ ᠰᠡᠷᠭᠡᠶᠢᠯᠡᠵᠦ ᠬᠣᠶᠠᠷ ᠵᠢᠯ ᠦᠨ ᠡᠮᠦᠨ᠎ᠡ ᠡᠴᠡ ᠭᠦᠢᠯᠭᠡᠭᠡᠨ ᠡᠴᠡ ᠲᠠᠲᠠᠵᠤ ᠡᠬᠢᠯᠡᠭᠰᠡᠨ ᠪᠠᠶᠢᠨ᠎ᠠ᠃
ᠡᠨᠡ ᠦᠢᠯᠡ ᠠᠵᠢᠯᠯᠠᠭ᠎ᠠ ᠨᠢ ᠬᠣᠶᠠᠷ ᠵᠢᠯ ᠦᠨ ᠳᠣᠲᠣᠷ᠎ᠠ ᠦᠷᠭᠦᠯᠵᠢᠯᠡᠭᠡᠳ ᠢᠷᠡᠬᠦ ᠭᠤᠷᠪᠠᠳᠤᠭᠠᠷ ᠰᠠᠷ᠎ᠠ ᠶᠢᠨ ᠨᠢᠭᠡᠨ ᠡᠴᠡ ᠵᠣᠭᠰᠣᠬᠤ ᠠᠵᠡᠢ᠃ ᠲᠡᠶᠢᠮᠦ ᠡᠴᠡ 2006 ᠣᠨ ᠳᠤ ᠬᠡᠪᠯᠡᠭᠳᠡᠭᠰᠡᠨ 20 ᠮᠢᠩᠭᠠᠲᠤ ᠶᠢᠨ ᠳᠡᠪᠢᠰᠬᠡᠷᠲᠦ ᠶᠢ ᠮᠣᠩᠭᠣᠯ ᠪᠠᠩᠬᠢ ᠪᠣᠯᠤᠨ ᠠᠷᠠᠯᠵᠢᠶᠠᠨ ᠤ ᠪᠠᠩᠬᠢ ᠨᠤᠭᠤᠳ ᠲᠤ ᠬᠠᠨᠳᠤᠵᠤ ᠰᠣᠯᠢᠭᠤᠯᠬᠤ ᠶᠣᠰᠣᠲᠠᠢ ᠭᠡᠳᠡᠭ ᠢ ᠮᠣᠩᠭᠣᠯ ᠪᠠᠩᠭᠢ ᠮᠡᠳᠡᠭᠡᠯᠡᠯ᠎ᠡ᠃