ᠪᠠᠰᠲ᠋ᠠᠮᠠ ᠰᠤᠷᠭᠠᠭᠤᠯᠢ ᠶᠢᠨ ᠪᠠᠭᠰᠢ ᠨᠠᠷ ᠤᠨ ᠢᠯᠡᠳᠬᠡᠯ ᠰᠢᠯᠢᠳᠡᠭ ᠢᠶᠡᠷ ᠰᠢᠯᠭᠠᠷᠠᠪᠠ | News.MN

ᠪᠠᠰᠲ᠋ᠠᠮᠠ ᠰᠤᠷᠭᠠᠭᠤᠯᠢ ᠶᠢᠨ ᠪᠠᠭᠰᠢ ᠨᠠᠷ ᠤᠨ ᠢᠯᠡᠳᠬᠡᠯ ᠰᠢᠯᠢᠳᠡᠭ ᠢᠶᠡᠷ ᠰᠢᠯᠭᠠᠷᠠᠪᠠ

ᠪᠣᠯᠪᠠᠰᠤᠷᠠᠯ ᠤᠨ ᠬᠦᠷᠢᠶᠡᠯᠡᠩ ᠡᠴᠡ 2021-2022 ᠣᠨ ᠤ ᠬᠢᠴᠢᠶᠡᠯ ᠦᠨ ᠵᠢᠯ ᠳᠦ 《ᠪᠠᠭᠰᠢ ᠨᠠᠷ ᠤᠨ ᠮᠡᠷᠭᠡᠵᠢᠯ ᠦᠨ ᠥᠰᠦᠯᠲᠡ  ᠳᠤ ᠠᠬᠠᠮᠠᠳ ᠪᠠᠭᠰᠢ ᠨᠠᠷ ᠤᠨ ᠣᠷᠣᠯᠴᠠᠭ᠎ᠠ ᠶᠢ ᠨᠡᠮᠡᠭᠳᠡᠭᠦᠯᠬᠦ ᠨᠢ》ᠰᠡᠳᠦᠪ ᠢᠶᠡᠷ ᠡᠷᠳᠡᠮ ᠰᠢᠨᠵᠢᠯᠡᠭᠡᠨ ᠦ ᠬᠤᠷᠠᠯ ᠢ ᠦᠶ᠎ᠡ ᠱᠠᠲᠤ ᠲᠠᠢ ᠵᠣᠬᠢᠶᠠᠨ ᠪᠠᠶᠢᠭᠤᠯᠬᠤ ᠪᠠᠷ ᠰᠢᠢᠳᠪᠦᠷᠢᠯᠡᠭᠰᠡᠨ᠃ ᠲᠤᠰ ᠠᠵᠢᠯ ᠨᠢ ᠪᠣᠯᠪᠠᠰᠤᠷᠠᠯ ᠤᠨ ᠰᠠᠯᠪᠤᠷᠢ ᠳᠤ ᠲᠤᠯᠭᠠᠮᠳᠠᠵᠤ ᠪᠤᠢ ᠠᠰᠠᠭᠤᠳᠠᠯ ᠤᠳ ᠪᠣᠯᠤᠨ ᠲᠡᠭᠦᠨ ᠢ ᠰᠢᠢᠳᠪᠦᠷᠢᠯᠡᠬᠦ ᠠᠷᠭ᠎ᠠ ᠵᠠᠮ ᠢ ᠲᠣᠳᠣᠷᠬᠠᠶᠢᠯᠠᠬᠤ᠂ ᠲᠤᠷᠰᠢᠯᠭ᠎ᠠ ᠬᠤᠪᠢᠶᠠᠯᠴᠠᠬᠤ᠂ ᠪᠠᠭᠰᠢ ᠨᠠᠷ ᠤᠨ ᠰᠤᠳᠤᠯᠭ᠎ᠠ᠂ ᠰᠢᠨᠵᠢᠯᠡᠭᠡ ᠬᠢᠬᠦ ᠴᠢᠳᠠᠪᠤᠷᠢ ᠶᠢ ᠳᠡᠮᠵᠢᠬᠦ ᠵᠣᠷᠢᠯᠭ᠎ᠠ ᠲᠠᠢ ᠃
ᠪᠠᠶᠠᠨ-ᠥᠯᠥᠭᠡᠢ ᠠᠶᠢᠮᠠᠭ ᠤᠨ ᠪᠣᠯᠪᠠᠰᠤᠷᠠᠯ ᠤᠨ ᠭᠠᠵᠠᠷ ᠠᠴᠠ ᠲᠤᠰ ᠡᠷᠳᠡᠮ ᠰᠢᠨᠵᠢᠯᠡᠭᠡᠨ ᠦ ᠪᠠᠭ᠎ᠠ ᠬᠤᠷᠠᠯ ᠤᠨ ᠬᠤᠶᠠᠳᠠᠬᠢ ᠱᠠᠲᠤᠨ ᠤ ᠰᠢᠯᠭᠠᠷᠠᠭᠤᠯᠤᠯᠲᠠ ᠶᠢ ᠥᠨᠥᠳᠥᠷ ᠥᠯᠥᠭᠡᠢ ᠬᠤᠲᠠ ᠳᠤ ᠵᠣᠬᠢᠶᠠᠨ ᠪᠠᠶᠢᠭᠤᠯᠤᠯ᠎ᠠ᠃ ᠡᠷᠳᠡᠮ ᠰᠢᠨᠵᠢᠯᠡᠭᠡᠨ ᠦ ᠬᠤᠷᠠᠯ ᠳᠤ ᠠᠶᠢᠮᠠᠭ ᠤᠨ ᠲᠥᠪ ᠪᠣᠯᠤᠨ ᠰᠤᠮᠤᠳ ᠠᠴᠠ 15 ᠪᠠᠭᠰᠢ ᠣᠷᠣᠯᠴᠠᠵᠤ ᠢᠯᠡᠳᠬᠡᠯ ᠲᠠᠯᠪᠢᠭᠰᠠᠨ ᠠᠴᠠ ᠥᠯᠥᠭᠡᠢ ᠰᠤᠮᠤ ᠶᠢᠨ ᠪᠠᠰᠲ᠋ᠠᠮᠠ ᠰᠤᠷᠭᠠᠭᠤᠯᠢ ᠶᠢᠨ ᠪᠠᠭᠰᠢ ᠲ∙ᠠᠷᠳᠠᠾ᠂ ᠷ∙ᠺᠠᠽᠢᠽᠠ᠂ ᠰ∙ᠡᠩᠬᠡᠵᠠᠶᠠᠭ᠎ᠠ ᠨᠠᠷ ᠤᠨ ᠬᠠᠮᠲᠤᠷᠠᠨ ᠪᠡᠯᠡᠳᠬᠡᠭᠰᠡᠨ ᠢᠯᠡᠳᠬᠡᠯ ᠰᠢᠯᠢᠳᠡᠭ ᠢᠶᠡᠷ ᠰᠢᠯᠭᠠᠷᠠᠪᠠ᠃ ᠡᠳᠡᠭᠡᠷ ᠪᠠᠭᠰᠢ ᠨᠠᠷ ᠢᠷᠡᠬᠦ ᠰᠠᠷ᠎ᠠ ᠳᠤ ᠪᠣᠯᠬᠤ《ᠪᠠᠭᠰᠢ ᠨᠠᠷ ᠤᠨ ᠮᠡᠷᠭᠡᠵᠢᠯ ᠦᠨ ᠥᠰᠦᠯᠲᠡᠳ ᠠᠬᠠᠮᠠᠳ ᠪᠠᠭᠰᠢ ᠨᠠᠷ ᠤᠨ ᠣᠷᠣᠯᠴᠠᠭ᠎ᠠ ᠶᠢ ᠨᠡᠮᠡᠭᠳᠡᠭᠦᠯᠬᠦ ᠨᠢ》ᠰᠡᠳᠦᠪᠲᠦ ᠡᠷᠳᠡᠮ ᠰᠢᠨᠵᠢᠯᠡᠭᠡᠨ ᠦ ᠬᠤᠷᠠᠯ ᠤᠨ ᠭᠤᠷᠪᠠ ᠳᠠᠬᠢ ᠱᠠᠲᠤᠨ ᠳᠤ ᠠᠶᠢᠮᠠᠭ ᠢᠶᠠᠨ ᠲᠥᠯᠥᠭᠡᠯᠡᠨ ᠤᠷᠤᠯᠴᠠᠬᠤ ᠠᠵᠡᠢ᠃

ᠰᠡᠳᠬᠢᠭᠳᠡᠯ ᠦᠯᠡᠳᠡᠭᠡᠬᠦ