ᠪᠣᠯᠪᠠᠰᠤᠷᠠᠯ ᠰᠢᠨᠵᠢᠯᠡᠬᠦ ᠤᠬᠠᠭᠠᠨ ᠤ ᠶᠠᠮᠤᠨ᠂ ᠺᠧᠮᠪᠷᠢᠵ  ᠶᠡᠬᠡ ᠰᠤᠷᠭᠠᠭᠤᠯᠢ ᠲᠠᠢ ᠬᠠᠮᠲᠤᠷᠠᠨ ᠠᠵᠢᠯᠯᠠᠨ᠎ᠠ | News.MN

ᠪᠣᠯᠪᠠᠰᠤᠷᠠᠯ ᠰᠢᠨᠵᠢᠯᠡᠬᠦ ᠤᠬᠠᠭᠠᠨ ᠤ ᠶᠠᠮᠤᠨ᠂ ᠺᠧᠮᠪᠷᠢᠵ  ᠶᠡᠬᠡ ᠰᠤᠷᠭᠠᠭᠤᠯᠢ ᠲᠠᠢ ᠬᠠᠮᠲᠤᠷᠠᠨ ᠠᠵᠢᠯᠯᠠᠨ᠎ᠠ

ᠶᠡᠷᠦᠩᠬᠡᠢ ᠪᠣᠯᠪᠠᠰᠤᠷᠠᠯ ᠤᠨ ᠲᠤᠭᠠᠨ ᠤ ᠤᠬᠠᠭᠠᠨ᠂ ᠠᠩᠭᠯᠢ ᠬᠡᠯᠡ᠂ ᠪᠠᠢᠭᠠᠯᠢ ᠶᠢᠨ ᠤᠬᠠᠭᠠᠨ ᠤ ᠬᠢᠴᠢᠶᠡᠯ ᠢ ᠣᠯᠠᠨ ᠤᠯᠤᠰ ᠤᠨ ᠵᠢᠱᠢᠭ ᠲᠦ ᠨᠡᠶᠢᠴᠡᠭᠦᠯᠬᠦ᠂ ᠰᠤᠷᠭᠠᠭᠤᠯᠢ ᠶᠢᠨ ᠮᠧᠨᠧᠵᠮᠧᠨᠲ ᠢ ᠰᠠᠶᠢᠵᠢᠷᠠᠭᠤᠯᠬᠤ ᠪᠠᠷ 2011 ᠣᠨ ᠳᠤ ᠣᠯᠠᠨ ᠤᠯᠤᠰ ᠤᠨ ᠬᠥᠲᠥᠯᠪᠦᠷᠢ ᠲᠡᠢ ᠲᠥᠷᠥ ᠶᠢᠨ ᠥᠮᠴᠢ ᠶᠢᠨ ᠰᠤᠷᠭᠠᠭᠤᠯᠢ ᠨᠤᠭᠤᠳ ᠢ ᠪᠠᠶᠢᠭᠤᠯᠤᠭᠰᠠᠨ᠃ ᠡᠨᠡ ᠰᠠᠨᠠᠭᠠᠴᠢᠯᠭ᠎ᠠ ᠶᠢ ᠪᠣᠯᠪᠠᠰᠤᠷᠠᠯ᠂ ᠰᠢᠨᠵᠢᠯᠡᠬᠦ ᠤᠬᠠᠭᠠᠨ ᠤ ᠶᠠᠮᠤᠨ ᠺᠧᠮᠪᠷᠢᠵ ᠤᠨ ᠣᠯᠠᠨ ᠤᠯᠤᠰ ᠤᠨ ᠰᠢᠯᠭᠠᠯᠲᠠ ᠶᠢᠨ ᠪᠠᠶᠢᠭᠤᠯᠤᠯᠭ᠎ᠠ ᠲᠠᠢ ᠬᠠᠮᠲᠤᠷᠠᠨ ᠬᠡᠷᠡᠭᠵᠢᠭᠦᠯᠦᠭᠰᠡᠭᠡᠷ ᠢᠷᠡᠭᠰᠡᠨ ᠪᠥᠭᠡᠳ ᠥᠨᠥᠳᠥᠷ ᠦᠨ ᠪᠠᠶᠢᠳᠠᠯ ᠢᠶᠠᠷ ᠣᠯᠠᠨ ᠤᠯᠤᠰ ᠤᠨ ᠬᠥᠲᠥᠯᠪᠦᠷᠢ ᠲᠡᠢ ᠲᠥᠷᠥ ᠶᠢᠨ ᠪᠣᠯᠤᠨ ᠬᠤᠪᠢ ᠶᠢᠨ 10 ᠭᠠᠷᠤᠢ ᠰᠤᠷᠭᠠᠭᠤᠯᠢ ᠦᠢᠯᠡ ᠠᠵᠢᠯᠯᠠᠭ᠎ᠠ ᠶᠠᠪᠤᠭᠤᠯᠵᠤ ᠪᠠᠶᠢᠨ᠎ᠠ᠃ ᠴᠢᠨᠠᠭᠰᠢᠳᠠ ᠪᠤᠢ ᠪᠣᠯᠤᠭᠰᠠᠨ ᠣᠯᠤᠯᠲᠠ ᠠᠮᠵᠢᠯᠲᠠ᠂ ᠲᠤᠷᠰᠢᠯᠭ᠎ᠠ ᠪᠠᠨ ᠶᠡᠷᠦᠩᠬᠡᠢ ᠪᠣᠯᠪᠠᠰᠤᠷᠠᠯ ᠤᠨ ᠪᠦᠬᠦᠢ ᠯᠠ ᠰᠤᠷᠭᠠᠭᠤᠯᠢ ᠳᠤ ᠨᠡᠪᠲᠡᠷᠡᠭᠦᠯᠵᠦ᠂ ᠬᠦᠷᠲᠡᠭᠡᠮᠵᠢ ᠶᠢ ᠰᠠᠶᠢᠵᠢᠷᠠᠭᠤᠯᠬᠤ᠂ ᠰᠤᠷᠤᠯᠴᠠᠭᠴᠢᠳ ᠲᠤ ᠲᠡᠭᠰᠢ ᠪᠣᠯᠤᠮᠵᠢ ᠣᠯᠭᠣᠬᠤ᠂ ᠦᠨᠡᠯᠡᠭᠦᠯᠬᠦ ᠪᠣᠯᠤᠮᠵᠢ ᠶᠢ ᠨᠡᠭᠡᠭᠡᠬᠦ ᠪᠡᠷ  ᠪᠤᠯᠪᠠᠰᠤᠷᠠᠯ ᠰᠢᠨᠵᠢᠯᠡᠬᠦ ᠤᠬᠠᠭᠠᠨ ᠤ ᠶᠠᠮᠤᠨ᠂ ᠺᠧᠮᠪᠷᠢᠵ  ᠤᠨ ᠶᠡᠬᠡ ᠰᠤᠷᠭᠠᠭᠤᠯᠢ ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠪᠠᠶᠢᠭᠤᠯᠵᠠᠢ᠃ ᠲᠤᠰ ᠬᠠᠮᠲᠤ ᠶᠢᠨ ᠠᠵᠢᠯᠯᠠᠭᠠᠨ ᠤ ᠬᠦᠷᠢᠶᠡᠨ ᠳᠦ᠄
§ ᠮᠠᠨ ᠤ ᠰᠤᠷᠭᠠᠭᠤᠯᠢ ᠨᠤᠭᠤᠳ ᠤᠨ ᠲᠤᠭᠠᠨ ᠤ ᠤᠬᠠᠭᠠᠨ᠂ ᠪᠠᠢᠭᠠᠯᠢ ᠶᠢᠨ ᠤᠬᠠᠭᠠᠨ᠂ ᠠᠩᠭᠯᠢ ᠬᠡᠯᠡᠨ ᠦ ᠬᠥᠲᠥᠯᠪᠦᠷᠢ ᠶᠢ ᠣᠯᠠᠨ ᠤᠯᠤᠰ ᠲᠤ  ᠦᠷᠢᠰᠦᠯᠳᠦᠬᠦᠢᠴᠡ ᠬᠡᠮᠵᠢᠶᠡᠨ ᠳᠦ ᠬᠦᠷᠭᠡᠵᠦ᠂ ᠬᠦᠯᠢᠶᠡᠨ ᠵᠥᠪᠰᠢᠶᠡᠷᠡᠭᠦᠯᠬᠦ᠂ ᠡᠨᠡ ᠬᠥᠲᠥᠯᠪᠦᠷᠢ ᠶᠢ ᠬᠡᠷᠡᠭᠵᠢᠭᠦᠯᠬᠦ ᠦᠨᠳᠦᠰᠦᠨ ᠦ ᠲᠣᠭᠲᠠᠯᠴᠠᠭ᠎ᠠ ᠶᠢ ᠪᠤᠢ ᠪᠣᠯᠭᠠᠬᠤ᠂ ᠲᠥᠷᠦᠯᠵᠢᠭᠰᠡᠨ ᠠᠬᠠᠯᠠᠬᠤ ᠰᠤᠷᠭᠠᠭᠤᠯᠢ ᠶᠢ ᠪᠠᠶᠢᠭᠤᠯᠬᠤ᠂ ᠰᠤᠷᠭᠠᠭᠤᠯᠢ ᠨᠤᠭᠤᠳ ᠲᠤ ᠣᠯᠠᠨ ᠤᠯᠤᠰ ᠤᠨ ᠬᠥᠲᠥᠯᠪᠦᠷᠢ ᠬᠡᠷᠡᠭᠵᠢᠭᠦᠯᠬᠦ ᠪᠣᠯᠤᠮᠵᠢ ᠶᠢ ᠣᠯᠭᠣᠬᠤ᠂ ᠬᠥᠲᠥᠯᠪᠦᠷᠢ ᠶᠢ ᠬᠡᠷᠡᠭᠵᠢᠭᠦᠯᠬᠦ ᠪᠠᠭᠰᠢ ᠨᠠᠷ ᠤᠨ ᠮᠡᠷᠭᠡᠵᠢᠯ ᠦᠨ ᠲᠠᠰᠤᠷᠠᠯᠲᠠ ᠦᠭᠡᠢ ᠬᠥᠭᠵᠢᠯ ᠢ ᠬᠠᠩᠭᠠᠬᠤ᠂ ᠬᠥᠲᠥᠯᠪᠦᠷᠢ ᠳᠦ ᠰᠠᠭᠤᠷᠢᠯᠠᠭᠰᠠᠨ ᠦᠨᠡᠯᠡᠭᠡ ᠶᠢ ᠪᠣᠯᠪᠠᠰᠤᠷᠠᠭᠤᠯᠬᠤ᠂ ᠰᠤᠷᠬᠤ ᠪᠢᠴᠢᠭ᠂ ᠪᠤᠰᠤᠳ ᠬᠡᠷᠡᠭᠯᠡᠭᠳᠡᠬᠦᠨ ᠦ ᠴᠢᠭᠯᠡᠯ ᠢᠶᠡᠷ ᠮᠡᠷᠭᠡᠵᠢᠯ ᠦᠨ ᠪᠠᠶᠢᠭᠤᠯᠤᠯᠭ᠎ᠠ ᠶᠢᠨ ᠴᠢᠳᠠᠪᠬᠢ ᠶᠢ ᠪᠡᠬᠢᠵᠢᠭᠦᠯᠬᠦ᠂ ᠣᠯᠠᠨ ᠤᠯᠤᠰ ᠤᠨ ᠬᠥᠲᠥᠯᠪᠦᠷᠢ ᠪᠡᠷ ᠦᠨᠡᠯᠡᠭᠡ ᠬᠢᠬᠦ᠂ ᠰᠢᠯᠭᠠᠯᠲᠠ ᠵᠣᠬᠢᠶᠠᠨ ᠪᠠᠶᠢᠭᠤᠯᠬᠤ ᠲᠥᠪ ᠢ ᠪᠠᠶᠢᠭᠤᠯᠵᠤ᠂ ᠪᠦᠬᠦ ᠰᠤᠷᠤᠯᠴᠠᠭᠰᠠᠳ ᠥᠪᠡᠷ ᠦᠨ ᠬᠦᠰᠡᠯᠲᠡ ᠪᠡᠷ ᠺᠧᠮᠪᠷᠢᠵ ᠤᠨ ᠣᠯᠠᠨ ᠤᠯᠤᠰ ᠤᠨ ᠰᠢᠯᠭᠠᠯᠲᠠ ᠥᠭᠬᠦ ᠲᠡᠭᠰᠢ ᠪᠣᠯᠤᠮᠵᠢ ᠶᠢ ᠪᠦᠷᠢᠳᠦᠭᠦᠯᠬᠦ ᠶᠤᠮ᠃

ᠰᠡᠳᠬᠢᠭᠳᠡᠯ ᠦᠯᠡᠳᠡᠭᠡᠬᠦ