ᠬᠥᠭᠵᠢᠯ ᠦᠨ ᠪᠠᠩᠬᠢᠨ ᠤ ᠠᠰᠠᠭᠤᠳᠠᠯ ᠢᠶᠠᠷ ᠨᠡᠭᠡᠭᠡᠯᠲᠡ ᠲᠡᠢ ᠰᠣᠨᠣᠰᠬᠠᠯ ᠶᠠᠪᠤᠭᠤᠯᠤᠨ᠎ᠠ | News.MN

ᠬᠥᠭᠵᠢᠯ ᠦᠨ ᠪᠠᠩᠬᠢᠨ ᠤ ᠠᠰᠠᠭᠤᠳᠠᠯ ᠢᠶᠠᠷ ᠨᠡᠭᠡᠭᠡᠯᠲᠡ ᠲᠡᠢ ᠰᠣᠨᠣᠰᠬᠠᠯ ᠶᠠᠪᠤᠭᠤᠯᠤᠨ᠎ᠠ

ᠬᠥᠭᠵᠢᠯ ᠦᠨ ᠪᠠᠩᠬᠢ ᠲᠠᠢ ᠬᠣᠯᠪᠣᠭ᠎ᠠ ᠲᠠᠢ ᠠᠰᠠᠭᠤᠳᠠᠯ ᠢᠶᠠᠷ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠬᠥᠭᠵᠢᠯ ᠦᠨ ᠪᠠᠩᠬᠢᠨ ᠠᠴᠠ ᠰᠠᠩᠬᠦᠦᠵᠢᠭᠦᠯᠦᠭᠰᠡᠨ ᠲᠥᠰᠥᠯ ᠬᠥᠲᠥᠯᠪᠦᠷᠢ ᠨᠦᠭᠦᠳ ᠲᠦ ᠬᠢᠨᠠᠯᠲᠠ ᠲᠠᠯᠪᠢᠵᠤ᠂ ᠰᠢᠯᠭᠠᠬᠤ ᠬᠢᠬᠦ ᠤᠯᠤᠰ ᠤᠨ ᠶᠡᠬᠡ ᠬᠤᠷᠠᠯ ᠤᠨ ᠭᠡᠰᠢᠭᠦᠳ ᠡᠴᠡ ᠪᠦᠷᠢᠳᠦᠭᠰᠡᠨ ᠠᠵᠢᠯ ᠤᠨ ᠬᠡᠰᠡᠭ ᠦᠨ ᠭᠡᠰᠢᠭᠦᠳ ᠪᠣᠯᠤᠨ ᠨᠡᠷ᠎ᠡ ᠪᠦᠬᠦᠢ ᠰᠡᠳᠬᠦᠯᠴᠢᠳ ᠢ ᠬᠦᠯᠢᠶᠡᠨ ᠠᠪᠴᠤ ᠠᠭᠤᠯᠵᠠᠵᠤ ᠪᠠᠶᠢᠨ᠎ᠠ᠃
ᠠᠭᠤᠯᠵᠠᠯᠲᠠ ᠪᠠᠷ ᠲᠡᠷᠡᠪᠡᠷ᠄ ᠬᠥᠭᠵᠢᠯ ᠦᠨ ᠪᠠᠩᠬᠢᠨ ᠤ ᠠᠰᠠᠭᠤᠳᠠᠯ ᠢᠶᠠᠷ ᠤᠯᠤᠰ ᠤᠨ ᠶᠡᠬᠡ ᠬᠤᠷᠠᠯ ᠳᠦ ᠨᠡᠭᠡᠭᠡᠯᠲᠡ ᠲᠡᠢ ᠰᠣᠨᠣᠰᠬᠠᠯ ᠶᠠᠪᠤᠭᠤᠯᠤᠨ᠎ᠠ᠃ ᠰᠣᠨᠣᠰᠬᠠᠯ ᠶᠠᠪᠤᠭᠤᠯᠬᠤ ᠶᠢᠨ ᠲᠤᠯᠠᠳᠠ 14 ᠬᠣᠨᠣᠭ ᠤᠨ ᠡᠮᠦᠨ᠎ᠡ ᠮᠡᠳᠡᠭᠳᠡᠬᠦ ᠶᠣᠰᠣᠲᠠᠢ᠃ ᠴᠠᠭ ᠬᠤᠭᠤᠴᠠᠭᠠᠨ ᠤ ᠬᠤᠪᠢ ᠳᠤ ᠢᠷᠡᠬᠦ ᠭᠤᠷᠪᠠᠳᠤᠭᠠᠷ ᠰᠠᠷ᠎ᠠ ᠶᠢᠨ ᠡᠬᠢ ᠪᠡᠷ ᠨᠡᠭᠡᠭᠡᠯᠲᠡ ᠲᠡᠢ ᠰᠤᠨᠤᠰᠬᠠᠯ ᠢᠶᠠᠨ ᠶᠠᠪᠤᠭᠤᠯᠬᠤ ᠳᠤ ᠪᠣᠯᠬᠤ ᠪᠠᠶᠢᠬᠤ᠃ ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠪᠡᠷ ᠨᠡᠶᠢᠲᠡ ᠶᠢᠨ ᠠᠰᠢᠭ ᠰᠣᠨᠢᠷᠬᠠᠯ ᠢ ᠬᠥᠨᠳᠡᠭᠰᠡᠨ ᠠᠰᠠᠭᠤᠳᠠᠯ ᠢᠶᠠᠷ ᠬᠢᠨᠠᠯᠲᠠ ᠰᠢᠯᠭᠠᠯᠲᠠ ᠶᠢᠨ ᠲᠦᠷ ᠬᠣᠷᠢᠶ᠎ᠠ ᠪᠠᠶᠢᠭᠤᠯᠬᠤ ᠡᠷᠬᠡ ᠡᠭᠦᠰᠴᠦ ᠪᠠᠶᠢᠭ᠎ᠠ᠃ ᠡᠨᠡ ᠳᠠᠭᠠᠤ ᠰᠢᠭᠦᠬᠦ ᠶᠢᠨ ᠦᠢᠯᠡ ᠠᠵᠢᠯᠯᠠᠭᠠᠨ ᠳᠤ ᠬᠥᠨᠳᠡᠯᠡᠨ ᠡᠴᠡ ᠣᠷᠣᠯᠴᠠᠬᠤ ᠦᠭᠡᠢ ᠪᠡᠷ ᠭᠡᠷᠡᠴᠢ ᠲᠠᠭᠤᠳᠠᠬᠤ᠂ ᠨᠤᠲᠠᠯᠠᠬᠤ ᠪᠠᠷᠢᠮᠲᠠ ᠴᠤᠭᠯᠠᠭᠤᠯᠬᠤ ᠵᠡᠷᠭᠡ ᠶᠢ ᠬᠢᠵᠦ ᠪᠣᠯᠤᠨ᠎ᠠ᠃ ᠪᠦᠬᠦ ᠨᠡᠶᠢᠲᠡ ᠶᠢᠨ ᠰᠣᠨᠣᠰᠬᠠᠯ ᠶᠠᠪᠤᠭᠤᠯᠵᠤ ᠡᠶᠢᠮᠦ ᠬᠢᠨᠠᠯᠲᠠ ᠰᠢᠯᠭᠠᠯᠲᠠ ᠶᠢᠨ ᠬᠣᠷᠢᠶ᠎ᠠ ᠶᠢ ᠪᠠᠶᠢᠭᠤᠯᠵᠤ ᠪᠣᠯᠤᠨ᠎ᠠ ᠭᠡᠯ᠎ᠡ᠃

ᠰᠡᠳᠬᠢᠭᠳᠡᠯ ᠦᠯᠡᠳᠡᠭᠡᠬᠦ