ᠠᠬᠠᠮᠠᠳ ᠰᠢᠲᠠᠷᠠᠴᠢᠳ ᠤᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠤᠨ᠎ᠠ | News.MN

ᠠᠬᠠᠮᠠᠳ ᠰᠢᠲᠠᠷᠠᠴᠢᠳ ᠤᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠤᠨ᠎ᠠ

ᠮᠣᠩᠭᠣᠯ ᠤᠨ ᠰᠢᠲᠠᠷ᠎ᠠ ᠶᠢᠨ ᠬᠣᠯᠪᠣᠭ᠎ᠠ ᠡᠭᠦᠰᠴᠦ ᠬᠥᠭᠵᠢᠭᠰᠡᠨ ᠦ 88 ᠵᠢᠯ ᠦᠨ ᠣᠢ ᠶᠢ ᠲᠣᠬᠢᠶᠠᠯᠳᠤᠭᠤᠯᠤᠨ ᠰᠢᠲᠠᠷ᠎ᠠ ᠶᠢᠨ ᠰᠫᠣᠷᠲ ᠢ ᠣᠷᠣᠨ ᠨᠤᠲᠤᠭ ᠲᠤ ᠲᠦᠭᠡᠭᠡᠨ ᠳᠡᠯᠭᠡᠷᠡᠭᠦᠯᠬᠦ᠂ ᠠᠬᠠᠮᠠᠳ ᠦᠶ᠎ᠡ ᠶᠢᠨᠰᠢᠲᠠᠷᠠᠴᠢᠳ ᠢᠶᠠᠨ ᠳᠡᠮᠵᠢᠵᠦ ᠰᠤᠷᠲᠠᠯᠴᠢᠯᠠᠬᠤ ᠵᠣᠷᠢᠯᠭ᠎ᠠ ᠪᠠᠷ ᠠᠬᠠᠮᠠᠳ ᠰᠢᠲᠠᠷᠠᠴᠢᠳ ᠤᠨ 2022 ᠣᠨ ᠤ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠵᠣᠬᠢᠶᠠᠨ ᠪᠠᠶᠢᠭᠤᠯᠬᠤ ᠭᠡᠵᠦ ᠪᠠᠶᠢᠨ᠎ᠠ᠃ ᠮᠣᠩᠭᠣᠯ ᠤᠯᠤᠰ ᠤᠨ ᠭᠠᠪᠢᠶᠠᠲᠤ ᠳᠠᠰᠬᠠᠯᠵᠢᠭᠤᠯᠤᠭᠴᠢ ᠵ∙ᡀᠠᠭᠪᠠ ᠶᠢᠨ ᠨᠡᠷᠡᠮᠵᠢᠲᠦ ᠪᠣᠯᠤᠨ ᠵᠣᠬᠢᠶᠠᠭᠳᠠᠵᠤ ᠪᠤᠢ ᠲᠤᠰ ᠲᠡᠮᠡᠴᠡᠭᠡᠨ ᠳᠤᠮᠳᠠᠭᠤᠪᠢ ᠠᠶᠢᠮᠠᠭ ᠲᠤ ᠳᠥᠷᠪᠡᠳᠦᠭᠡᠷ ᠰᠠᠷ᠎ᠠ ᠶᠢᠨ 20-24  ᠳᠤ ᠪᠣᠯᠤᠨ᠎ᠠ᠃ ᠲᠡᠮᠡᠴᠡᠭᠡᠨ ᠨᠡᠭᠡᠭᠡᠯᠲᠡ ᠲᠡᠢ 50-65 ᠨᠠᠰᠤ᠂ 65  ᠠᠴᠠ ᠳᠡᠭᠡᠭᠰᠢ ᠨᠠᠰᠤ᠂ ᠡᠮᠡᠭᠲᠡᠢ 50-65 ᠨᠠᠰᠤ ᠠᠩᠭᠢᠯᠠᠯ ᠢᠶᠠᠷ ᠪᠣᠯᠬᠤ ᠶᠤᠮ᠃ ᠠᠬᠠᠮᠠᠳ ᠰᠢᠲᠠᠷᠠᠴᠢᠳ ᠤᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠠᠩᠬ᠎ᠠ ᠤᠳᠠᠭ᠎ᠠ ᠣᠷᠣᠨ ᠨᠤᠲᠤᠭ ᠲᠤ ᠪᠣᠯᠵᠤ ᠪᠤᠢ ᠪᠥᠭᠡᠳ ᠲᠤᠰ ᠲᠡᠮᠡᠴᠡᠭᠡᠨ ᠢ ᠮᠣᠩᠭᠣᠯ ᠤᠨ ᠰᠢᠲᠠᠷ᠎ᠠ ᠶᠢᠨ ᠬᠣᠯᠪᠣᠭ᠎ᠠ᠂ ᠳᠤᠮᠳᠠᠭᠤᠪᠢ ᠠᠶᠢᠮᠠᠭ ᠤᠨ《ᠤᠷᠠᠨ ᠥᠷᠥᠭ》ᠰᠢᠲᠠᠷ᠎ᠠ ᠶᠢᠨ ᠬᠣᠯᠪᠣᠭ᠎ᠠ ᠬᠠᠮᠲᠤᠷᠠᠨ ᠵᠣᠬᠢᠶᠠᠨ ᠪᠠᠶᠢᠭᠤᠯᠵᠤ ᠪᠤᠢ ᠶᠤᠮ᠃

ᠰᠡᠳᠬᠢᠭᠳᠡᠯ ᠦᠯᠡᠳᠡᠭᠡᠬᠦ