ᠮᠥᠷᠥᠢ ᠲᠡᠢ ᠲᠣᠭᠯᠠᠭᠠᠮ ᠵᠣᠬᠢᠶᠠᠨ ᠪᠠᠶᠢᠭᠤᠯᠤᠭᠰᠠᠨ ᠬᠡᠷᠡᠭ ᠢ ᠢᠯᠡᠷᠡᠭᠦᠯᠵᠡᠢ | News.MN

ᠮᠥᠷᠥᠢ ᠲᠡᠢ ᠲᠣᠭᠯᠠᠭᠠᠮ ᠵᠣᠬᠢᠶᠠᠨ ᠪᠠᠶᠢᠭᠤᠯᠤᠭᠰᠠᠨ ᠬᠡᠷᠡᠭ ᠢ ᠢᠯᠡᠷᠡᠭᠦᠯᠵᠡᠢ

ᠡᠷᠡᠭᠦᠦ ᠶᠢᠨ ᠴᠠᠭᠳᠠᠭ᠎ᠠ ᠶᠢᠨ ᠠᠯᠪᠠᠨ ᠤ ᠵᠣᠬᠢᠶᠠᠨ ᠪᠠᠶᠢᠭᠤᠯᠤᠯᠲᠠ ᠲᠠᠢ ᠭᠡᠮᠲᠦ ᠪᠦᠯᠦᠭ᠂ ᠬᠦᠮᠦᠨ ᠬᠤᠳᠠᠯᠳᠤᠬᠤ ᠭᠡᠮᠲᠦ ᠬᠡᠷᠡᠭ ᠲᠡᠢ ᠲᠡᠮᠡᠴᠡᠬᠦ ᠬᠡᠯᠲᠡᠰ ᠡᠴᠡ ᠬᠠᠤᠯᠢ ᠪᠤᠰᠤ ᠮᠥᠷᠥᠢ ᠲᠡᠢ ᠲᠣᠭᠯᠠᠭᠠᠮ ᠵᠣᠬᠢᠶᠠᠨ ᠪᠠᠶᠢᠭᠤᠯᠤᠭᠰᠠᠨ ᠬᠡᠷᠡᠭ ᠢ ᠢᠯᠡᠷᠡᠭᠦᠯᠵᠡᠢ᠃ ᠪᠠᠶᠠᠩᠭᠤᠤᠯ ᠳᠡᠭᠦᠷᠭᠡ ᠶᠢᠨ  ᠨᠠᠢ᠌ᠮᠠᠳᠤᠭᠠᠷ ᠬᠣᠷᠢᠶᠠᠨ ᠤ ᠨᠤᠲᠤᠭ ᠳᠡᠪᠢᠰᠬᠡᠷ ᠲᠦ ᠪᠠᠶᠢᠷᠢᠯᠠᠬᠤ ᠭᠤᠷᠪᠠᠨ ᠳᠠᠪᠬᠤᠷ ᠪᠠᠢᠷᠢ ᠳᠤ ᠡᠨᠡ ᠰᠠᠷ᠎ᠠ ᠶᠢᠨ 13  ᠳᠦ 17 ᠢᠷᠭᠡᠨ ᠦ ᠳᠤᠮᠳᠠ ᠬᠠᠤᠯᠢ ᠪᠤᠰᠤ ᠮᠥᠷᠥᠢ ᠲᠡᠢ ᠫᠣᠺᠧᠷ ᠲᠣᠭᠯᠠᠭᠠᠮ ᠵᠣᠬᠢᠶᠠᠨ ᠪᠠᠶᠢᠭᠤᠯᠤᠭᠰᠠᠨ ᠭᠡᠮᠲᠦ ᠬᠡᠷᠡᠭ ᠢ ᠢᠯᠡᠷᠡᠭᠦᠯᠵᠦ᠂ ᠤᠭ ᠬᠡᠷᠡᠭ ᠲᠦ 34 ᠨᠠᠰᠤᠲᠠᠢ᠂ ᠡᠷᠡᠭᠲᠡᠢ ᠢᠷᠭᠡᠨ《ᠭ》ᠭᠡᠭᠴᠢ ᠶᠢ ᠬᠣᠯᠪᠣᠭᠳᠠᠭᠤᠯᠤᠨ ᠮᠥᠷᠳᠡᠨ ᠰᠢᠯᠭᠠᠬᠤ ᠠᠵᠢᠯᠯᠠᠭ᠎ᠠ ᠶᠢ ᠶᠠᠪᠤᠭᠤᠯᠵᠤ ᠪᠠᠶᠢᠨ᠎ᠠ᠃
《ᠭ》ᠨᠢ ᠤᠷᠢᠳᠤ ᠡᠮᠦᠨ᠎ᠡ ᠨᠢ ᠮᠥᠷᠥᠢ ᠲᠡᠢ ᠲᠣᠭᠯᠠᠭᠠᠮ ᠵᠣᠬᠢᠶᠠᠨ ᠪᠠᠶᠢᠭᠤᠯᠤᠭᠰᠠᠨ ᠦᠨᠳᠦᠰᠦᠯᠡᠯ ᠢᠶᠡᠷ ᠴᠠᠭᠳᠠᠭ᠎ᠠ ᠶᠢᠨ ᠪᠠᠶᠢᠭᠤᠯᠤᠯᠭ᠎ᠠ ᠳᠤ ᠰᠢᠯᠭᠠᠭᠳᠠᠵᠤ᠂︽ᠵᠥᠷᠢᠴᠡᠯ ᠦᠨ ᠲᠤᠬᠠᠢ︾ᠬᠠᠤᠯᠢ ᠪᠠᠷ 3 ᠤᠳᠠᠭ᠎ᠠ ᠲᠣᠷᠭᠠᠭᠤᠯᠵᠤ ᠪᠠᠶᠢᠭᠰᠠᠨ ᠃ ᠲᠡᠭᠦᠨᠴᠢᠯᠡᠨ ᠮᠥᠷᠥᠢ ᠲᠡᠢ ᠲᠣᠭᠯᠠᠵᠤ ᠪᠠᠶᠢᠭᠰᠠᠨ ᠢᠷᠭᠡᠳ ᠦᠨ ᠳᠤᠮᠳᠠ ᠠᠴᠠ ᠵᠠᠯᠢᠯᠠᠨ ᠤ ᠭᠡᠮᠲᠦ ᠬᠡᠷᠡᠭ ᠦᠢᠯᠡᠳᠦᠨ ᠴᠠᠭᠳᠠᠭ᠎ᠠ ᠶᠢᠨ ᠪᠠᠶᠢᠭᠤᠯᠤᠯᠭ᠎ᠠ ᠳᠤ ᠡᠷᠢᠨ ᠰᠤᠷᠪᠤᠯᠵᠢᠯᠠᠭᠳᠠᠵᠤ ᠪᠠᠶᠢᠭᠰᠠᠨ ᠡᠲᠡᠭᠡᠳ ᠢ ᠣᠯᠵᠤ ᠲᠣᠭᠲᠠᠭᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ