《ᠬᠥᠬᠡ ᠰᠤᠪᠤᠳ》ᠮᠥᠰᠦᠨ ᠤᠷᠠᠯᠠᠯ ᠳᠤ 50-60 ᠰᠠᠶ᠎ᠠ ᠲᠥᠭᠥᠷᠢᠭ ᠵᠠᠷᠤᠴᠠᠭᠤᠯᠤᠨ᠎ᠠ | News.MN

《ᠬᠥᠬᠡ ᠰᠤᠪᠤᠳ》ᠮᠥᠰᠦᠨ ᠤᠷᠠᠯᠠᠯ ᠳᠤ 50-60 ᠰᠠᠶ᠎ᠠ ᠲᠥᠭᠥᠷᠢᠭ ᠵᠠᠷᠤᠴᠠᠭᠤᠯᠤᠨ᠎ᠠ

ᠬᠥᠪᠰᠥᠭᠥᠯ ᠠᠶᠢᠮᠠᠭ ᠲᠤ ᠡᠪᠦᠯ ᠦᠨ ᠠᠶᠠᠯᠠᠯ ᠵᠢᠭᠤᠯᠴᠢᠯᠠᠯ ᠢ ᠬᠥᠭᠵᠢᠭᠦᠯᠬᠦ ᠵᠣᠷᠢᠯᠭ᠎ᠠ ᠲᠠᠢ ᠵᠢᠯ ᠪᠦᠷᠢ ᠵᠣᠬᠢᠶᠠᠨ ᠪᠠᠶᠢᠭᠤᠯᠳᠠᠭ 《ᠬᠥᠬᠡ ᠰᠤᠪᠤᠳ》ᠮᠥᠰᠦᠨ ᠦ ᠪᠠᠶᠠᠷ ᠢᠷᠡᠬᠦ ᠰᠠᠷ᠎ᠠ ᠶᠢᠨ 3᠂ 4  ᠳᠦ ᠪᠣᠯᠤᠨ᠎ᠠ᠃ ᠮᠥᠰᠦᠨ ᠦ ᠪᠠᠶᠠᠷ ᠤᠨ ᠠᠷᠭ᠎ᠠ ᠬᠡᠮᠵᠢᠶᠡᠨ ᠦ ᠴᠢᠮᠡᠭ ᠪᠣᠯ ᠮᠥᠰᠥ ᠪᠡᠷ ᠤᠷᠠᠯᠠᠭᠰᠠᠨ ᠪᠦᠲᠦᠭᠡᠯ ᠦᠳ ᠪᠠᠶᠢᠳᠠᠭ᠃

ᠬᠥᠪᠰᠥᠭᠥᠯ ᠨᠠᠭᠤᠷ ᠢ ᠵᠣᠷᠢᠨ ᠢᠷᠡᠭᠰᠡᠨ ᠭᠠᠳᠠᠭᠠᠳᠤ᠂ ᠳᠣᠲᠣᠭᠠᠳᠤ ᠶᠢᠨ ᠠᠶᠠᠯᠠᠭᠴᠢᠳ ᠲᠤ ᠵᠣᠷᠢᠭᠤᠯᠤᠨ ᠣᠷᠣᠨ ᠨᠤᠲᠤᠭ ᠤᠨ ᠤᠷᠠᠨ ᠪᠦᠲᠦᠭᠡᠯᠴᠢᠳ ᠮᠥᠰᠦᠨ ᠬᠣᠲᠠᠬᠠᠨ ᠢ ᠪᠦᠲᠦᠭᠡᠳᠡᠭ ᠪᠠᠶᠢᠭᠰᠠᠨ ᠪᠣᠯ ᠡᠨᠡ ᠵᠢᠯ ᠬᠥᠪᠰᠥᠭᠥᠯ᠂ ᠤᠯᠠᠭᠠᠨᠪᠠᠭᠠᠲᠤᠷ ᠬᠣᠲᠠ ᠶᠢᠨ ᠤᠷᠠᠴᠤᠳ ᠬᠠᠮᠲᠤᠷᠠᠨ ᠬᠢᠨ᠎ᠡ᠃ ᠤᠷᠢᠳᠴᠢᠯᠠᠭᠰᠠᠨ ᠪᠠᠶᠢᠳᠠᠯ ᠢᠶᠠᠷ ᠮᠥᠰᠦᠨ ᠤᠷᠠᠯᠠᠯ ᠳᠤ 50-60 ᠰᠠᠶ᠎ᠠ ᠲᠥᠭᠥᠷᠢᠭ ᠦᠨ  ᠰᠠᠩᠬᠦᠦᠵᠢᠯᠲᠡ ᠣᠯᠭᠤᠬᠤ ᠪᠠᠷ ᠲᠥᠯᠥᠪᠯᠡᠵᠦ ᠪᠠᠶᠢᠭ᠎ᠠ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ