ᠭᠠᠳᠠᠭᠠᠳᠤ ᠶᠢᠨ ᠬᠥᠷᠥᠩᠭᠡ ᠣᠷᠣᠭᠤᠯᠤᠯᠲᠠ ᠶᠢᠨ ᠠᠭᠧᠨᠲᠯᠢᠭ ᠪᠠᠶᠢᠭᠤᠯᠤᠨ᠎ᠠ | News.MN

ᠭᠠᠳᠠᠭᠠᠳᠤ ᠶᠢᠨ ᠬᠥᠷᠥᠩᠭᠡ ᠣᠷᠣᠭᠤᠯᠤᠯᠲᠠ ᠶᠢᠨ ᠠᠭᠧᠨᠲᠯᠢᠭ ᠪᠠᠶᠢᠭᠤᠯᠤᠨ᠎ᠠ

ᠡᠳ᠋ ᠦᠨ ᠵᠠᠰᠠᠭ᠂ ᠬᠥᠭᠵᠢᠯ ᠦᠨ ᠶᠠᠮᠤᠨ ᠤ ᠦᠢᠯᠡ ᠠᠵᠢᠯᠯᠠᠭᠠᠨ ᠤ ᠬᠡᠲᠦ ᠶᠢᠨ ᠵᠤᠷᠢᠯᠭ᠎ᠠ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢᠨ ᠥᠭᠡᠷᠡᠴᠢᠯᠡᠯᠲᠡ ᠶᠢᠨ ᠬᠥᠲᠥᠯᠪᠦᠷᠢ᠂ ᠪᠦᠲᠦᠴᠡ᠂ ᠣᠷᠣᠨ ᠲᠣᠭᠠᠨ ᠤ ᠳᠡᠭᠡᠳᠦ ᠬᠢᠵᠠᠭᠠᠷ ᠢ ᠰᠢᠨᠡᠴᠢᠯᠡᠨ ᠪᠠᠲᠤᠯᠠᠵᠤ᠂ ᠲᠤᠰ ᠶᠠᠮᠤᠨ ᠤ ᠬᠠᠷᠢᠶᠠᠨ ᠳᠤ ᠭᠠᠳᠠᠭᠠᠳᠤ ᠶᠢᠨ ᠬᠥᠷᠥᠩᠭᠡ ᠣᠷᠣᠭᠤᠯᠤᠯᠲᠠ ᠶᠢᠨ ᠠᠭᠧᠨᠲᠯᠢᠭ ᠢ ᠪᠠᠶᠢᠭᠤᠯᠬᠤ ᠪᠠᠷ ᠰᠢᠢᠳᠪᠦᠷᠢᠯᠡᠵᠡᠢ᠃ ᠭᠠᠳᠠᠭᠠᠳᠤ ᠶᠢᠨ ᠬᠥᠷᠥᠩᠭᠡ ᠣᠷᠣᠭᠤᠯᠤᠯᠲᠠ ᠶᠢᠨ ᠪᠣᠳᠣᠯᠭ᠎ᠠ᠂ ᠲᠥᠯᠥᠪᠯᠡᠯᠲᠡ ᠲᠣᠳᠣᠷᠬᠠᠢ ᠪᠣᠯᠵᠤ᠂ ᠬᠥᠷᠥᠩᠭᠡ ᠣᠷᠣᠭᠤᠯᠤᠭᠴᠢᠳ ᠢ ᠪᠦᠲᠦᠭᠡᠨ ᠪᠠᠶᠢᠭᠤᠯᠤᠯᠲᠠ ᠪᠣᠯᠤᠨ ᠪᠤᠰᠤᠳ ᠰᠠᠯᠪᠤᠷᠢ ᠨᠤᠭᠤᠳ ᠲᠠᠢ ᠬᠤᠯᠪᠤᠬᠤ ᠵᠡᠷᠭᠡ ᠠᠵᠢᠯ ᠢ ᠰᠢᠨ᠎ᠡ ᠠᠭᠧᠨᠲᠯᠢᠭ ᠭᠦᠢᠴᠡᠳᠭᠡᠨ᠎ᠡ᠃ ᠮᠥᠨ ᠬᠥᠷᠥᠩᠭᠡ ᠣᠷᠣᠭᠤᠯᠤᠭᠴᠢ ᠶᠢᠨ ᠡᠷᠬᠡ᠂ ᠬᠠᠤᠯᠢ ᠶᠣᠰᠣᠨ ᠤ ᠠᠰᠢᠭ ᠰᠣᠨᠢᠷᠬᠠᠯ ᠢ ᠬᠠᠮᠠᠭᠠᠯᠠᠬᠤ᠂ ᠬᠥᠷᠥᠩᠭᠡ ᠣᠷᠣᠭᠤᠯᠤᠯᠲᠠ ᠶᠢᠨ ᠣᠷᠴᠢᠨ ᠢ ᠲᠣᠭᠲᠠᠪᠤᠷᠢᠵᠢᠭᠤᠯᠬᠤ᠂ ᠬᠥᠷᠥᠩᠭᠡ ᠣᠷᠣᠭᠤᠯᠤᠭᠴᠢᠳ ᠲᠤ ᠲᠥᠯᠥᠪᠯᠡᠯᠲᠡ ᠬᠢᠬᠦ ᠳᠦ ᠳᠡᠮᠵᠢᠯᠭᠡ᠂ ᠦᠢᠯᠡᠴᠢᠯᠡᠭᠡ ᠦᠵᠡᠭᠦᠯᠬᠦ ᠶᠤᠮ ᠪᠠᠶᠢᠨ᠎ᠠ᠃

ᠡᠨᠡ ᠲᠠᠯ᠎ᠠ ᠪᠠᠷ ᠰᠠᠩ ᠤᠨ ᠰᠠᠶᠢᠳ ᠪ ∙ ᠵᠢᠪᠬᠤᠯᠠᠩ᠄ ᠡᠮᠦᠨ᠎ᠡ ᠨᠢ ᠭᠠᠳᠠᠭᠠᠳᠤ ᠶᠢᠨ ᠬᠥᠷᠥᠩᠭᠡ ᠣᠷᠣᠭᠤᠯᠤᠯᠲᠠ ᠶᠢᠨ ᠠᠭᠧᠨᠲᠯᠢᠭ ᠵᠠᠰᠠᠭ ᠤᠨ ᠭᠠᠵᠠᠷ ᠤᠨ ᠪᠦᠲᠦᠴᠡ ᠳᠦ ᠪᠡᠶ᠎ᠡ ᠳᠠᠭᠠᠭᠠᠨ ᠠᠵᠢᠯᠯᠠᠵᠤ ᠪᠠᠶᠢᠪᠠ᠃ ᠣᠯᠠᠨ ᠵᠢᠯ ᠡᠨᠡ ᠠᠭᠧᠨᠲᠯᠢᠭ ᠤᠨ ᠠᠵᠢᠯ ᠲᠠᠰᠤᠷᠠᠭᠰᠠᠨ ᠤ ᠳᠠᠷᠠᠭ᠎ᠠ ᠮᠠᠨ ᠤ ᠵᠠᠰᠠᠭ ᠤᠨ ᠭᠠᠵᠠᠷ ᠤᠨ ᠦᠶ᠎ᠡ ᠳᠦ ᠳᠠᠬᠢᠨ ᠪᠠᠶᠢᠭᠤᠯᠵᠤ ᠪᠠᠶᠢᠨ᠎ᠠ᠃ ᠢᠩᠭᠢᠭᠰᠡᠨ ᠢᠶᠡᠷ᠂ ᠮᠣᠩᠭᠣᠯ ᠤᠯᠤᠰ ᠲᠤ ᠢᠷᠡᠬᠦ ᠭᠠᠳᠠᠭᠠᠳᠤ ᠶᠢᠨ ᠬᠥᠷᠥᠩᠭᠡ ᠣᠷᠣᠭᠤᠯᠤᠯᠲᠠ ᠶᠢᠨ ᠪᠣᠳᠣᠯᠭ᠎ᠠ᠂ ᠲᠥᠯᠥᠪᠯᠡᠯᠲᠡ ᠤᠷᠲᠤ᠂ ᠳᠤᠮᠳᠠ ᠬᠤᠭᠤᠴᠠᠭᠠᠨ ᠳᠤ ᠪᠠᠨ ᠮᠠᠰᠢ ᠲᠣᠳᠣᠷᠬᠠᠢ ᠪᠣᠯᠵᠤ ᠭᠠᠳᠠᠭᠠᠳᠤ ᠶᠢᠨ ᠬᠥᠷᠥᠩᠭᠡ ᠣᠷᠣᠭᠤᠯᠤᠭᠴᠢᠳ ᠢ ᠳᠣᠲᠣᠭᠠᠳᠤ ᠶᠢᠨ ᠪᠦᠲᠦᠭᠡᠨ ᠪᠠᠶᠢᠭᠤᠯᠤᠯᠲᠠ᠂ ᠪᠤᠰᠤᠳ ᠡᠳ᠋ ᠦᠨ ᠵᠠᠰᠠᠭ ᠤᠨ ᠰᠠᠯᠪᠤᠷᠢ ᠳᠤ ᠬᠤᠯᠪᠤᠬᠤ ᠨᠥᠬᠥᠴᠡᠯ ᠪᠥᠷᠢᠳᠦᠨ᠎ᠡ᠃ ᠮᠥᠨ ᠮᠣᠩᠭᠣᠯ ᠣᠷᠣᠨ ᠤ ᠬᠥᠷᠥᠩᠭᠡ ᠣᠷᠣᠭᠤᠯᠤᠯᠲᠠ ᠬᠢᠬᠦ ᠡᠳ᠋  ᠦᠨ ᠵᠠᠰᠠᠭ ᠤᠨ ᠪᠣᠯᠤᠮᠵᠢ᠂ ᠪᠢᠽᠢᠨᠧᠰ ᠦᠨ  ᠰᠠᠯᠪᠤᠷᠢ ᠨᠤᠭᠤᠳ ᠢ ᠣᠯᠠᠨ ᠨᠡᠶᠢᠲᠡ ᠳᠦ ᠲᠠᠨᠢᠭᠤᠯᠤᠨ ᠰᠤᠷᠲᠠᠯᠴᠢᠯᠠᠬᠤ ᠠᠵᠢᠯ ᠤᠨ ᠥᠷᠭᠡᠨ ᠬᠦᠷᠢᠶᠡᠨ ᠳᠦ ᠬᠢᠬᠦ ᠠᠵᠢᠯ ᠢ ᠬᠠᠷᠢᠭᠤᠴᠠᠬᠤ ᠶᠤᠮ ᠬᠡᠮᠡᠪᠡ᠃

ᠰᠡᠳᠬᠢᠭᠳᠡᠯ ᠦᠯᠡᠳᠡᠭᠡᠬᠦ