ᠮᠣᠩᠭᠣᠯ ᠰᠤᠳᠤᠯᠤᠭᠠᠴᠢ ᠳ᠋ᠠᠸᠢᠳ᠋ ᠪᠸᠯᠯᠠᠲ᠋ᠠᠯᠯᠠ ᠰᠤᠶᠤᠯ ᠤᠨ ᠡᠯᠴᠢ ᠪᠣᠯᠤᠯ᠎ᠠ | News.MN

ᠮᠣᠩᠭᠣᠯ ᠰᠤᠳᠤᠯᠤᠭᠠᠴᠢ ᠳ᠋ᠠᠸᠢᠳ᠋ ᠪᠸᠯᠯᠠᠲ᠋ᠠᠯᠯᠠ ᠰᠤᠶᠤᠯ ᠤᠨ ᠡᠯᠴᠢ ᠪᠣᠯᠤᠯ᠎ᠠ

ᠪᠦᠭᠦᠳᠡ ᠨᠠᠶᠢᠷᠠᠮᠳᠠᠬᠤ ᠢᠲ᠋ᠠᠯᠢ ᠤᠯᠤᠰ ᠤᠨ ᠢᠷᠭᠡᠨ᠂ ᠠᠨᠲᠷᠣᠫᠣᠯᠣᠭᠢᠴᠢ᠂ ᠮᠣᠩᠭᠣᠯ ᠰᠤᠳᠤᠯᠤᠭᠠᠴᠢ ᠳ᠋ᠠᠸᠢᠳ᠋  ᠪᠸᠯᠯᠠᠲ᠋ᠠᠯᠯᠠ ᠮᠣᠩᠭᠣᠯ ᠤᠯᠤᠰ ᠤᠨ ᠰᠤᠶᠤᠯ ᠤᠨ ᠡᠯᠴᠢ ᠪᠣᠯᠤᠯ᠎ᠠ᠃  ᠲᠡᠷᠡ 1992 ᠣᠨ ᠠᠴᠠ ᠡᠬᠢᠯᠡᠨ ᠠᠨᠲᠷᠤᠫᠤᠯᠤᠭᠢ ᠶᠢᠨ  ᠴᠢᠭᠯᠡᠯ ᠢᠶᠡᠷ ᠠᠭ ᠤᠨ ᠪᠤᠷᠢᠶᠠᠳ᠂ ᠪᠠᠶᠠᠨ-ᠥᠯᠥᠭᠡᠢ ᠠᠶᠢᠮᠠᠭ ᠤᠨ ᠤᠷᠢᠶᠠᠩᠬᠠᠢ ᠶᠠᠰᠤᠲᠠᠨ ᠤ ᠰᠤᠳᠤᠯᠭ᠎ᠠ ᠬᠢᠵᠦ᠂ ᠣᠯᠠᠨ ᠰᠣᠨᠢᠷᠬᠠᠯᠲᠠᠢ ᠥᠭᠦᠯᠡᠯ᠂ ᠪᠦᠲᠦᠭᠡᠯ ᠲᠤᠭᠤᠷᠪᠢᠵᠤ᠂ ᠮᠣᠩᠭᠣᠯ ᠤᠯᠤᠰ ᠢ ᠣᠯᠠᠨ ᠤᠯᠤᠰ ᠲᠤ ᠰᠤᠷᠲᠠᠯᠴᠢᠯᠠᠨ ᠲᠠᠨᠢᠭᠤᠯᠤᠭᠰᠠᠨ᠃ ᠮᠥᠨ ᠡᠭᠦᠨ ᠦ ᠵᠡᠷᠭᠡᠴᠡᠭᠡ ᠮᠣᠩᠭᠣᠯ ᠤᠨ ᠤᠯᠠᠭᠠᠨ ᠵᠠᠭᠠᠯᠮᠠᠢ ᠨᠡᠶᠢᠭᠡᠮᠯᠢᠭ ᠪᠣᠯᠤᠨ ᠪᠤᠰᠤᠳ ᠲᠥᠷᠥ ᠶᠢᠨ ᠪᠤᠰᠤ ᠪᠠᠶᠢᠭᠤᠯᠤᠯᠭ᠎ᠠ ᠲᠠᠢ ᠬᠠᠮᠲᠤᠷᠠᠨ 20 ᠭᠠᠷᠤᠢ ᠵᠢᠯ ᠬᠦᠮᠦᠯᠢᠭ ᠦᠨ ᠲᠥᠰᠥᠯ᠂ ᠬᠥᠲᠥᠯᠪᠦᠷᠢ ᠬᠡᠷᠡᠭᠵᠢᠭᠦᠯᠦᠭᠰᠡᠨ ᠪᠠᠶᠢᠨ᠎ᠠ᠃
ᠲᠡᠷᠡ ᠪᠡᠷ ᠮᠣᠩᠭᠣᠯ ᠠᠬᠤᠢ᠂ ᠤᠯᠠᠮᠵᠢᠯᠠᠯ᠂ ᠱᠠᠰᠢᠨ ᠰᠢᠲᠦᠯᠭᠡ᠂ ᠵᠠᠩ ᠵᠠᠩᠰᠢᠯ ᠢ ᠬᠠᠷᠠᠭᠤᠯᠤᠭᠰᠠᠨ 《ᠮᠣᠩᠭᠣᠯ ᠤᠨ ᠪᠤᠷᠢᠶᠠᠳ ᠤᠳ ᠤᠨ ᠪᠥᠭᠡ ᠮᠥᠷᠭᠥᠯ》᠂《ᠴᠠᠲᠠᠨ》᠂《ᠡᠭᠦᠯᠡ ᠳᠠᠭᠠᠭᠴᠢᠳ ᠤᠨ ᠨᠤᠲᠤᠭ ᠲᠤ》᠂《ᠶᠡᠬᠡ ᠠᠶᠠᠯᠠᠯ – ᠲᠣᠷᠭᠠᠨ ᠤ ᠵᠠᠮ》ᠵᠡᠷᠭᠡ ᠪᠦᠲᠦᠭᠡᠯ ᠢ ᠲᠤᠭᠤᠷᠪᠢᠵᠤ᠂ ᠣᠯᠠᠨ ᠤ ᠬᠦᠷᠲᠡᠭᠡᠯ ᠪᠣᠯᠭᠠᠭᠰᠠᠨ᠃ ᠮᠣᠩᠭᠣᠯ ᠤᠯᠤᠰ ᠤᠨ ᠰᠤᠶᠤᠯ ᠤᠨ ᠡᠯᠴᠢ ᠪᠡᠷ ᠲᠣᠮᠢᠯᠠᠭᠳᠠᠨ ᠠᠵᠢᠯᠯᠠᠬᠤ ᠬᠤᠭᠤᠴᠠᠭᠠᠨ ᠳᠤ ᠪᠠᠨ ᠰᠤᠳᠤᠯᠭᠠᠨ ᠤ ᠠᠵᠢᠯ ᠢᠶᠠᠨ ᠦᠷᠭᠦᠯᠵᠢᠯᠡᠭᠦᠯᠦᠨ᠂ ᠮᠣᠩᠭᠣᠯ ᠥᠪ ᠰᠤᠶᠤᠯ ᠢ ᠣᠯᠠᠨ ᠤᠯᠤᠰ ᠲᠤ ᠲᠦᠭᠡᠭᠡᠨ ᠳᠡᠯᠭᠡᠷᠡᠭᠦᠯᠬᠦ᠂ ᠳᠡᠯᠡᠬᠡᠢ ᠳ᠋ᠠᠬᠢᠨ ᠳᠤ ᠢᠳᠡᠪᠬᠢᠲᠡᠢ ᠰᠤᠷᠲᠠᠯᠴᠢᠯᠠᠨ ᠲᠠᠨᠢᠭᠤᠯᠬᠤ ᠶᠢᠨ ᠲᠥᠯᠥᠭᠡ ᠪᠦᠬᠦᠢ ᠯᠠ ᠪᠣᠯᠤᠮᠵᠢ ᠪᠠᠨ ᠳᠠᠶᠢᠴᠢᠯᠠᠨ ᠠᠵᠢᠯᠯᠠᠬᠤ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ